ᠶᠠᠳᠠᠭᠤ ᠶᠢ ᠲᠡᠳᠬᠦᠭᠰᠡᠨ ᠦᠯᠢᠭᠡᠷ ᠶᠠᠷᠢᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠲᠠ ᠶᠢᠨ ᠰᠢᠢᠳᠪᠦᠷᠢᠲᠦ ᠢᠯᠠᠯᠲᠠ ᠶᠢ ᠣᠯᠣᠶ᠎ᠠ
ᠨᠡᠶᠢᠲᠡᠯᠡᠭᠰᠡᠨ ᠴᠠᠭ᠄
2020/12/14
     
           ᠲᠦᠷᠦᠭᠦᠬᠡᠨ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠶᠠᠳᠠᠭᠤ ᠶᠢ ᠲᠡᠳᠬᠦᠬᠦ ᠠᠯᠪᠠᠨ ᠭᠡᠷ ︽ᠶᠠᠳᠠᠭᠤ ᠶᠢ ᠲᠡᠳᠬᠦᠭᠰᠡᠨ ᠦᠯᠢᠭᠡᠷ ᠶᠠᠷᠢᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠲᠠ ᠶᠢᠨ ᠰᠢᠢᠳᠪᠦᠷᠢᠲᠦ ᠢᠯᠠᠯᠲᠠ ᠶᠢ ᠣᠯᠣᠶ᠎ᠠ︾ ᠠᠵᠢᠯᠯᠠᠭ᠎ᠠ ᠥᠷᠨᠢᠭᠦᠯᠵᠦ᠂ ᠶᠠᠳᠠᠭᠤ ᠶᠢ ᠲᠡᠳᠬᠦᠬᠦ ᠠᠯᠪᠠᠨ ᠭᠡᠷ ᠪᠣᠯᠣᠨ ᠡᠯ᠎ᠡ ᠬᠤᠰᠢᠭᠤ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠤᠬᠠᠭᠤᠯᠤᠭᠴᠢᠳ ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ ᠤᠨ ᠺᠠᠳ᠋ᠷᠴᠤᠳ ᠤᠨ ᠥᠪᠡᠷ ᠤᠨ ᠥᠩᠭᠡᠷᠡᠯᠲᠡ ᠬᠢᠭᠡᠳ ᠰᠡᠳᠬᠢᠯ ᠬᠥᠳᠡᠯᠭᠡᠮ᠎ᠡ ᠦᠯᠢᠭᠡᠷ ᠢ ᠠᠳᠠᠯᠢ ᠪᠤᠰᠤ ᠲᠠᠯ᠎ᠠ ᠠᠴᠠ ᠭᠦᠨ ᠰᠡᠳᠬᠢᠯᠭᠡ ᠪᠠᠷ ᠶᠠᠷᠢᠵᠠᠢ᠃ ᠲᠤᠰ ᠤᠳᠠᠭᠠᠨ ᠤ ᠠᠵᠢᠯᠯᠠᠭ᠎ᠠ ᠨᠢ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠨ᠂ ᠶᠠᠳᠠᠭᠤ ᠶᠢ ᠲᠡᠳᠬᠦᠬᠦ ᠶᠢ ᠬᠥᠮᠥᠨ ᠪᠦᠬᠦᠨ ᠠᠩᠬᠠᠷᠤᠭᠰᠠᠨ᠂ ᠶᠠᠳᠠᠭᠤ ᠶᠢ ᠬᠥᠮᠥᠨ ᠪᠦᠬᠦᠨ ᠲᠡᠳᠬᠦᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠢ ᠪᠣᠯᠭᠠᠬᠤ ᠶᠢ ᠵᠣᠷᠢᠵᠠᠢ᠃ ᠰᠤᠷᠪᠤᠯᠵᠢᠯᠠᠭᠴᠢ ᠦ᠋ ᠽᠢ ᠰᠢᠦᠸᠠᠨ  ᠴᠢᠮᠡᠭᠡᠯᠡᠭᠴᠢ ᠵᠠᠩ ᠵᠢᠶᠧ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号