ᠰᠤᠷᠭᠠᠨ ᠬᠥᠮᠦᠵᠢᠯ ᠤᠨ ᠶᠠᠮᠤᠨ ᠭᠤᠷᠪᠠᠨ ᠠᠷᠭ᠎ᠠ ᠬᠡᠮᠵᠢᠶ᠎ᠡ ᠠᠪᠴᠤ ᠪᠠᠶᠢᠭᠠᠳ ︽ᠬᠡᠷ ᠤᠨ ᠠᠬᠠᠮᠠᠳ ᠲᠤ ᠳᠠᠰᠬᠠᠯ ᠲᠠᠭᠠᠭᠠᠯᠭᠠᠪᠤᠷᠢ ᠦᠵᠡᠬᠦ︾ ᠡᠭᠦᠷᠭᠡ ᠲᠠᠭᠠᠭᠠᠯᠭᠠᠬᠤ ᠶᠠᠪᠤᠳᠠᠯ ᠢ ᠵᠠᠰᠠᠬᠤ ᠪᠠᠷ ᠪᠣᠶ
ᠨᠡᠶᠢᠲᠡᠯᠡᠭᠰᠡᠨ ᠴᠠᠭ᠄
2020/12/14
      ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠡᠳᠦᠷ ᠤᠨ ᠮᠡᠳᠡᠭᠡ ᠰᠤᠷᠭᠠᠨ ᠬᠥᠮᠦᠵᠢᠯ ᠤᠨ ᠶᠠᠮᠤᠨ 10 ᠤ ᠡᠳᠦᠷ ᠨᠡᠶᠢᠭᠡᠮ ᠤᠨ ᠬᠠᠯᠠᠭᠤᠨ ᠶᠠᠷᠢᠯᠴᠠᠭ᠎ᠠ ᠪᠤᠯᠵᠤ ᠪᠠᠶᠢᠭ᠎ᠠ ︽ᠬᠡᠷ ᠤᠨ ᠠᠬᠠᠮᠠᠳ ᠸᠢᠴᠠᠲ ᠬᠤᠯᠪᠤᠭ᠎ᠠ ᠠᠴᠠ ᠭᠠᠷᠬᠤ︾ ᠠᠰᠠᠭᠤᠳᠠᠯ ᠤᠨ ᠲᠤᠬᠠᠶ ᠬᠠᠷᠢᠭᠤ ᠦᠭᠭᠦ ᠳᠡᠭᠡᠨ᠂ ︽ᠰᠤᠷᠤᠭᠴᠢᠳ ᠤᠨ ᠳᠠᠰᠬᠠᠯ ᠲᠠᠭᠠᠭᠠᠯᠭᠠᠪᠤᠷᠢ ᠨᠢ ᠬᠡᠷ ᠤᠨ ᠠᠬᠠᠮᠠᠳ ᠤᠨ ᠳᠠᠰᠬᠠᠯ ᠲᠠᠭᠠᠭᠠᠯᠭᠠᠪᠤᠷᠢ ᠪᠣᠯᠤᠬᠰᠠᠨ ᠡᠨᠡᠬᠦ ᠠᠰᠠᠭᠤᠳᠠᠯ ᠢ ᠡᠷᠡᠰ ᠬᠤᠷᠢᠭᠯᠠᠬᠤ ᠲᠤᠬᠠᠢ ᠰᠤᠷᠭᠠᠨ ᠬᠥᠮᠦᠵᠢᠯ ᠤᠨ ᠶᠠᠮᠤᠨ ᠤ ᠣᠪᠣᠷ ᠪᠣᠯ ᠲᠤᠤᠱᠳᠠᠢ ᠪᠥᠭᠡᠳ ᠡᠷᠡᠰ ᠰᠢᠭᠤᠷᠬᠠᠶ ᠶᠤᠮ︾ ᠭᠡᠵᠡᠶ᠃ ᠰᠤᠷᠭᠠᠨ ᠬᠥᠮᠦᠵᠢᠯ ᠤᠨ ᠶᠠᠮᠤᠨ ᠴᠢᠨᠠᠬᠰᠢᠳᠠ ᠠᠷᠭ᠎ᠠ ᠬᠡᠮᠵᠢᠶ᠎ᠡ ᠠᠪᠴᠤ ᠪᠠᠶᠢᠭᠠᠳ ︽ᠬᠡᠷ ᠤᠨ ᠠᠬᠠᠮᠠᠳ ᠲᠤ ᠳᠠᠰᠬᠠᠯ ᠲᠠᠭᠠᠭᠠᠯᠭᠠᠪᠤᠷᠢ ᠦᠵᠡᠬᠦ︾ ᠡᠭᠦᠷᠭᠡ ᠲᠠᠭᠠᠭᠠᠯᠭᠠᠬᠤ ᠶᠠᠪᠤᠳᠠᠯ ᠢ ᠵᠠᠰᠠᠬᠤ ᠪᠠᠷ ᠪᠣᠶ᠃      ︽ᠳᠠᠰᠬᠠᠯ ᠲᠠᠭᠠᠭᠠᠯᠭᠠᠪᠤᠷᠢ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠬᠤᠯᠠ ᠭᠤᠭᠴᠤᠭ᠎ᠠ ᠮᠥᠨ᠂ ᠪᠠᠰᠠ ᠴᠤ ᠰᠤᠷᠤᠭᠴᠢᠳ ᠤᠨ ᠮᠡᠳᠡᠯᠭᠡ ᠪᠠᠨ ᠪᠠᠲᠤᠳᠬᠠᠬᠤ᠂ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠪᠠᠭᠰᠢ ᠶᠢᠨ ᠵᠢᠭᠠᠨ ᠰᠤᠷᠭᠠᠯᠲᠠ ᠶᠢ ᠦᠨᠡᠯᠡᠬᠦ ᠪᠠ ᠰᠤᠷᠤᠯᠭ᠎ᠠ ᠶᠢᠨ ᠪᠠᠶᠢᠳᠠᠯ ᠢᠶᠠᠨ ᠨᠠᠷᠢᠯᠢᠭ ᠣᠨᠣᠪᠴᠢᠲᠠᠶ ᠵᠠᠳᠠᠯᠬᠤ ᠴᠢᠬᠤᠯᠠ ᠠᠷᠭ᠎ᠠ ᠪᠠᠷᠢᠯ ᠮᠥᠨ︾᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠢᠦᠶ ᠸᠧᠶ ᠶᠦ᠋ᠧᠠᠢ ᠲᠤᠬᠠᠶ ᠶᠢᠨ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠣᠳᠣᠬᠠᠨ ᠳᠤ ᠯᠢᠶᠣᠤᠨᠢᠩ᠂ ᠱᠠᠨ ᠰᠢ ᠵᠡᠷᠭᠡ ᠭᠠᠵᠠᠷ ᠤᠨ ᠬᠢᠨ ᠤᠷᠢᠳ ᠬᠤᠵᠢᠳ ᠲᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠵᠠᠷᠢᠮ ᠰᠠᠨᠠᠯ ᠢ ᠨᠡᠶᠢᠲᠡᠯᠡᠭᠰᠡᠨ ᠪᠠᠶᠢᠨ᠎ᠠ ᠭᠡᠵᠡᠶ᠃ ᠰᠤᠷᠭᠠᠨ ᠬᠥᠮᠦᠵᠢᠯ ᠤᠨ ᠶᠠᠮᠤᠨ ᠲᠠᠷᠠᠭᠠᠴᠢ ᠶᠢᠨ ᠠᠯᠬᠤᠮ ᠳᠤ ᠭᠤᠤᠯᠳᠠᠭᠤ ᠭᠤᠷᠪᠠᠨ ᠠᠷᠭ᠎ᠠ ᠬᠡᠮᠵᠢᠶ᠎ᠡ ᠠᠪᠴᠤ᠂ ᠣᠷᠣᠨ ᠨᠤᠲᠤᠭ ᠢ ᠵᠢᠯᠣᠭᠤᠳᠤᠨ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ ᠬᠡᠪᠡ᠃      ᠲᠡᠷᠡ ᠲᠠᠨᠢᠯᠴᠠᠭᠤᠯᠬᠤ ᠳᠠᠭᠠᠨ᠂ ᠨᠢᠭᠡ ᠳᠤ᠂ ᠳᠠᠰᠬᠠᠯ ᠲᠠᠭᠠᠭᠠᠯᠭᠠᠪᠤᠷᠢ ᠪᠠᠶᠢᠷᠢᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠂ ᠡᠭᠦᠨ ᠳᠤ ᠰᠤᠷᠭᠠᠭᠤᠯᠢ ᠶᠢᠨ ᠳᠠᠰᠬᠠᠯ ᠳᠠᠭᠠᠭᠠᠯᠭᠠᠪᠤᠷᠢ ᠶᠢᠨ ᠡᠩ ᠤᠨ ᠬᠠᠮᠢᠶᠠᠷᠤᠯᠲᠠ᠂ ᠣᠨ ᠪᠠ ᠠᠩᠬᠢ ᠶᠢᠨ ᠨᠢᠭᠡᠳᠦᠯᠲᠡᠢ ᠲᠥᠯᠥᠪᠯᠡᠭᠡ᠂ ᠪᠠᠭᠰᠢ ᠶᠢᠨ ᠲᠤᠷᠰᠢᠨ ᠬᠢᠬᠦ ᠪᠠ ᠲᠠᠶᠢᠯᠪᠤᠷᠢᠯᠠᠬᠤ᠂ ᠰᠤᠷᠤᠭᠴᠢᠳ ᠤᠨ ᠬᠠᠷᠢᠭᠤ ᠳᠤᠰᠬᠠᠬᠤ ᠪᠠ ᠦᠨᠡᠯᠡᠬᠦ ᠵᠡᠷᠭᠡ ᠲᠠᠯ᠎ᠠ ᠶᠢᠨ ᠲᠣᠭᠲᠠᠴᠠ ᠪᠠᠭᠲᠠᠨ᠎ᠠ᠃ ᠬᠤᠶᠠᠷ ᠲᠤ᠂ ᠳᠠᠰᠬᠠᠯ ᠳᠠᠭᠠᠭᠠᠯᠭᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠂ ᠭᠤᠤᠯᠳᠠᠭᠤ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠪᠠ ᠴᠠᠭ ᠢ ᠴᠢᠩᠭ᠎ᠠ ᠬᠢᠵᠠᠭᠠᠷᠯᠠᠭᠰᠠᠨ ᠤ ᠰᠠᠭᠤᠷᠢᠨ ᠳᠡᠭᠡᠷ᠎ᠡ᠂ ᠳᠠᠰᠬᠠᠯ ᠳᠠᠭᠠᠭᠠᠯᠭᠠᠪᠤᠷᠢ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠳᠠᠰᠬᠠᠯ ᠳᠠᠭᠠᠭᠠᠯᠭᠠᠪᠤᠷᠢ ᠶᠢᠨ ᠬᠡᠯᠪᠡᠷᠢ ᠶᠢ ᠰᠢᠨᠡᠴᠢᠯᠡᠵᠦ᠂ ᠦᠢᠯᠡᠳᠦᠯᠭᠡ ᠶᠢᠨ ᠴᠢᠨᠠᠷᠲᠠᠶ ᠳᠠᠰᠬᠠᠯ ᠳᠠᠭᠠᠭᠠᠯᠭᠠᠪᠤᠷᠢ ᠶᠢ ᠴᠢᠩᠭᠠᠷᠠᠭᠤᠯᠤᠨ᠂ ᠤᠶᠠᠨ ᠬᠠᠲᠠᠨ ᠴᠢᠨᠠᠷᠲᠠᠶ ᠳᠠᠰᠬᠠᠯ ᠳᠠᠭᠠᠭᠠᠯᠭᠠᠪᠤᠷᠢ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠳᠠᠰᠬᠠᠯ ᠳᠠᠭᠠᠭᠠᠯᠭᠠᠪᠤᠷᠢ ᠶᠢ ᠢᠳᠡᠪᠬᠢᠲᠡᠶ ᠪᠠᠷ ᠰᠦᠪᠡᠭᠴᠢᠯᠡᠨ᠎ᠡ᠃ ᠭᠤᠷᠪᠠ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠬᠦ᠂ ᠢᠯᠠᠩᠭᠤᠶ᠎ᠠ ᠰᠢᠳᠬᠡᠬᠦ ᠴᠢᠨᠠᠷᠲᠠᠶ ᠳᠠᠰᠬᠠᠯ ᠳᠠᠭᠠᠭᠠᠯᠭᠠᠪᠤᠷᠢ ᠬᠢᠯᠭᠡᠬᠦ᠂ ᠬᠡᠷ ᠤᠨ ᠠᠬᠠᠮᠠᠳ ᠢ ᠳᠠᠰᠬᠠᠯ ᠳᠠᠭᠠᠭᠠᠯᠭᠠᠪᠤᠷᠢ ᠶᠢ ᠦᠵᠡᠵᠦ ᠦᠭᠭᠦ ᠪᠤᠶᠤ ᠵᠠᠰᠠᠵᠤ ᠦᠭᠭᠦ ᠶᠢ ᠠᠯᠪᠠᠳᠠᠬᠤ ᠵᠡᠷᠭᠡ ᠢᠯᠡ ᠪᠠᠷ ᠵᠠᠷᠯᠢᠭᠳᠠᠨ ᠱᠠᠭᠠᠷᠳᠠᠬᠤ ᠦᠢᠯᠡ ᠠᠵᠢᠯᠯᠠᠭ᠎ᠠ ᠶᠢ ᠨᠢᠭᠡ ᠶᠢ ᠣᠯᠵᠤ ᠮᠡᠳᠡᠪᠡᠯ ᠨᠢᠭᠡ ᠶᠢ ᠨᠢ ᠴᠢᠩᠭ᠎ᠠ ᠰᠢᠳᠬᠡᠵᠦ᠂ ᠰᠤᠷᠤᠭᠴᠢᠳ ᠤᠨ ᠬᠡᠲᠦ ᠬᠦᠨᠳᠦ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠪᠠ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠬᠥᠭᠵᠢᠯᠳᠡ ᠶᠢ ᠠᠬᠢᠭᠤᠯᠬᠤ ᠳᠤ ᠠᠰᠢᠭᠲᠠᠶ ᠰᠤᠷᠭᠠᠨ ᠬᠥᠮᠦᠵᠢᠯ ᠤᠨ ᠰᠠᠶᠢᠨ ᠰᠠᠶᠢᠬᠠᠨ  ᠠᠮᠢ ᠠᠬᠤᠶ ᠶᠢ ᠦᠨᠡᠨ ᠬᠦ ᠪᠠᠶᠢᠭᠤᠯᠤᠨ᠎ᠠ  ᠬᠡᠵᠦ ᠬᠡᠯᠡᠪᠡ᠃      ︽ᠭᠡᠷ ᠤᠨ ᠠᠬᠠᠮᠠᠳ ᠲᠤ ᠳᠠᠰᠬᠠᠯ ᠲᠠᠭᠠᠭᠠᠯᠭᠠᠪᠤᠷᠢ ᠦᠵᠡᠬᠦ ᠡᠭᠦᠷᠭᠡ ᠲᠠᠭᠠᠭᠠᠯᠭᠠᠬᠤ ᠦᠭᠡᠢ ᠭᠡᠵᠦ ᠬᠡᠯᠡᠵᠦ ᠪᠠᠢᠭ᠎ᠠ ᠨᠢ ᠭᠡᠷ ᠤᠨ ᠠᠬᠠᠮᠠᠳ ᠰᠤᠷᠭᠠᠨ ᠬᠥᠮᠦᠵᠢᠭᠦᠯᠬᠦ ᠬᠠᠷᠢᠭᠤᠴᠠᠯᠭ᠎ᠠ ᠦᠭᠡᠢ ᠭᠡᠰᠡᠨ ᠦᠭᠡ ᠪᠢᠰᠢ ᠶᠤᠮ︾ ᠬᠡᠵᠦ ᠢᠦᠶ ᠸᠧᠶ ᠶᠦ᠋ᠧᠠᠢ ᠬᠡᠯᠡᠬᠦ ᠶᠢᠨ ᠬᠠᠮᠳᠤ᠂ ᠭᠡᠷ ᠤᠨ ᠠᠬᠠᠮᠠᠳ ᠴᠤ ᠬᠡᠦᠬᠡᠳ ᠢᠶᠠᠨ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠨ ᠳᠠᠭᠠᠭᠠᠵᠤ ᠳᠠᠰᠬᠠᠯ ᠲᠠᠭᠠᠭᠠᠯᠭᠠᠪᠤᠷᠢ ᠪᠠᠨ ᠪᠡᠶᠡᠯᠡᠭᠦᠯᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠰᠤᠷᠭᠠᠭᠤᠯᠢ ᠲᠠᠢ ᠨᠢᠭᠲᠠ ᠬᠠᠮᠵᠢᠯᠴᠠᠨ᠂ ᠬᠥᠮᠦᠨ ᠬᠥᠮᠦᠵᠢᠭᠦᠯᠬᠦ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃http://mongol.people.com.cn/15832548.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号