ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ | ᠰᠤᠷᠪᠤᠯᠵᠢᠯᠠᠭᠴᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠣᠶᠢᠯᠠᠭᠠᠭᠰᠠᠨ ᠢᠶᠠᠷ᠂ ︽ | ᠬᠥᠬᠡᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2011 — 2020 ᠣᠨ︶︾ | ᠪᠣᠯᠤᠨ ︽ᠬᠥᠬᠡᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2011 — 2020 ᠣᠨ︶︾ | ︵ᠳᠣᠷᠣᠭᠰᠢ ︽ᠬᠤᠶᠠᠷ ᠬᠥᠲᠥᠯᠪᠦᠷᠢ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ | ᠬᠤᠲᠠ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ | ᠵᠢᠷᠤᠮᠯᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠬᠦ ᠶᠢᠨ ᠬᠠᠮᠲᠤ | ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠪᠠ ᠪᠤᠶᠢᠳᠠ ᠪᠥᠭᠯᠡᠭᠦᠤ ᠭᠠᠵᠠᠷ | ᠣᠷᠣᠨ ᠤ ᠬᠡᠤᠬᠡᠨᠴᠦᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠷᠬᠡ ᠲᠡᠭᠰᠢ ᠪᠠᠷ ᠭᠥᠷᠳᠡᠬᠦ ᠶᠢ ᠪᠠᠲᠤᠯᠠᠵᠤ᠂ | ᠡᠷᠡᠭᠲᠡᠶ ᠡᠮᠡᠭᠲᠡᠶ ᠶᠢᠨ ᠰᠤᠷᠭᠠᠨ ᠬᠥᠮᠦᠵᠢᠯ ᠬᠦᠷᠲᠡᠬᠦ ᠵᠥᠷᠢᠶ᠎ᠡ ᠶᠢ ᠢᠯᠡᠳᠲᠡ ᠪᠠᠭᠠᠰᠬᠠᠵᠤ᠂ ᠡᠮᠡᠭᠲᠡᠶᠢᠴᠦᠳ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠬᠠᠷᠢᠴᠠᠯ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠵᠠᠷᠴᠢᠮ ᠪᠠ | ᠣᠶᠢᠯᠠᠭᠠᠭᠳᠠᠬᠤᠨ ᠢ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠳᠤ ᠠᠯᠬᠤᠮ ᠠᠯᠬᠤᠮ ᠢᠶᠠᠷ | ᠠᠭᠤᠰᠤᠯᠴᠠᠭᠤᠯᠵᠤ᠂ ᠬᠦᠬᠡᠬᠤᠳᠠ ᠶᠢᠨ ᠡᠮᠡᠭᠲᠡᠶᠢᠴᠦᠳ ᠬᠡᠤᠬᠡᠳ ᠤᠨ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃ | ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠥᠮᠦᠵᠢᠯ ᠤᠨ ᠱᠠᠲᠤᠨ ᠳᠤ ᠬᠦᠢᠰᠦ ᠶᠢᠨ | ᠢᠯᠭᠠᠯ ᠠᠴᠠ ᠪᠤᠯᠵᠤ ᠢᠯᠡᠷᠡᠭᠰᠡᠨ ᠵᠥᠷᠢᠶ᠎ᠡ ᠶᠢ ᠠᠷᠢᠯᠭᠠᠪᠠ᠃ ᠮᠠᠨ ᠤ ᠬᠤᠲᠠ ᠳᠤ ᠨᠡᠶᠢᠲᠡ 405 ᠬᠡᠤᠬᠡᠳ ᠤᠨ | ᠴᠡᠴᠡᠷᠯᠢᠭ ᠪᠣᠶ᠂ ᠡᠭᠦᠨ ᠳᠤ ᠬᠤᠲᠠ ᠶᠢᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 41᠂ ᠬᠥᠳᠡᠭᠡ | ᠲᠣᠰᠬᠤᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 30 ᠪᠣᠶ︔ ᠴᠡᠴᠡᠷᠯᠢᠭ ᠲᠤ ᠪᠠᠶᠢᠭ᠎ᠠ | ᠬᠡᠤᠬᠡᠳ ᠤᠨ ᠪᠥᠬᠦ ᠲᠤᠭ᠎ᠠ 6.9 ᠲᠦᠮᠡᠨ ᠬᠥᠮᠦᠨ ᠪᠠᠶᠢᠵᠤ᠂ ᠡᠭᠦᠨ ᠳᠤ ᠡᠮᠡᠭᠲᠡᠶ ᠬᠡᠤᠬᠡᠳ ᠤᠨ ᠡᠵᠡᠯᠡᠬᠦ ᠬᠠᠷᠢᠴᠠᠯ | 48%᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠪᠥᠬᠦ ᠨᠣᠷᠮ᠎ᠠ 76.4 | % ᠪᠠᠶᠢᠭᠰᠠᠨ ᠠᠴᠠ ᠪᠠᠨ 108.22% ᠪᠣᠯᠵᠣ ᠳᠡᠭᠡᠭᠰᠢᠯᠡᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠱᠠᠲᠤᠨ ᠳᠠᠬᠢ ᠬᠦᠢᠰᠦ ᠶᠢᠨ ᠢᠯᠭᠠᠯ ᠠᠴᠠ ᠪᠤᠯᠵᠤ ᠢᠯᠡᠷᠡᠭᠰᠡᠨ ᠵᠥᠷᠢᠶ᠎ᠡ ᠶᠢ ᠠᠷᠢᠯᠭᠠᠪᠠ᠃ | ᠦᠨᠳᠦᠰᠦᠲᠡᠨ ᠤ ᠰᠤᠷᠭᠠᠨ ᠬᠥᠮᠦᠵᠢᠯ ᠢ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠣᠨᠴᠠᠭᠠᠢ | ᠰᠤᠷᠭᠠᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠠ᠃ ᠮᠠᠨ ᠤ ᠬᠤᠲᠠ ᠶᠢᠨ ᠪᠠᠭ᠎ᠠ | ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 3.77 ᠲᠦᠮᠡᠨ ᠬᠥᠮᠦᠨ᠂ ᠠᠩᠬ᠎ᠠ ᠵᠡᠷᠭᠡ | ᠶᠢᠨ ᠳᠤᠮᠳᠠᠳᠤ ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 1.49 ᠲᠦᠮᠡᠨ ᠬᠥᠮᠦᠨ᠂ | ᠲᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 1 ᠲᠦᠮᠡᠨ | ᠬᠥᠮᠦᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠥᠭᠡᠨ ᠲᠣᠭᠠᠲᠤ ᠦᠨᠳᠦᠰᠦᠲᠡᠨ ᠤ | ᠰᠤᠷᠤᠭᠴᠢ 0.43 ᠲᠦᠮᠡᠨ ᠬᠥᠮᠦᠨ ᠪᠤᠢ᠃ ᠮᠠᠨ ᠤ ᠬᠤᠲᠠ ᠳᠤ ᠨᠡᠶᠢᠲᠡ 6 ᠣᠨᠴᠠᠭᠠᠶ ᠰᠤᠷᠭᠠᠨ ᠬᠥᠮᠦᠵᠢᠯ ᠤᠨ | ᠰᠤᠷᠭᠠᠭᠤᠯᠢ ᠲᠠᠢ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠭ᠎ᠠ 379 | ᠬᠥᠮᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠡᠮᠳᠡᠭ ᠬᠡᠤᠬᠡᠳ ᠤᠨ ᠰᠤᠷᠭᠠᠭᠤᠯᠢ ᠳᠤ | ᠪᠠᠶᠢᠭ᠎ᠠ ᠰᠣᠷᠣᠭᠴᠢ ᠶᠢᠨ ᠲᠤᠭ᠎ᠠ 646 ᠬᠥᠮᠦᠨ᠂ ᠮᠥᠴᠢ ᠵᠡᠮᠳᠡᠭ ᠵᠢᠴᠢ ᠬᠥᠩᠭᠡᠪᠲᠦᠷ ᠣᠶᠤᠨ ᠤ ᠰᠠᠭᠠᠳ ᠲᠠᠢ | ᠰᠣᠷᠣᠭᠴᠢᠳ ᠴᠥᠮ ᠡᠩ ᠤᠨ ᠰᠤᠷᠭᠠᠭᠤᠯᠢ ᠳᠤ ᠠᠩᠭᠢ ᠲᠠᠭᠠᠵᠤ ᠰᠤᠷᠤᠯᠴᠠᠵᠤ ᠪᠠᠶᠢᠨ᠎ᠠ᠃ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠮᠠᠨ ᠤ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠣᠳᠣᠬᠢ ᠪᠠᠶᠢᠳᠠᠯ ᠨᠢ ︽ᠬᠤᠶᠠᠷ | ᠬᠥᠲᠥᠯᠪᠦᠷᠢ︾ ᠶᠢᠨ ᠰᠤᠷᠭᠠᠨ ᠬᠥᠮᠦᠵᠢᠯ ᠤᠨ ᠬᠠᠷᠠᠯᠲᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ | ᠴᠢᠳᠠᠨ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠡᠮᠡᠭᠲᠡᠶ | ᠰᠣᠷᠣᠭᠴᠢ ᠶᠢᠨ ᠬᠠᠷᠢᠴᠠᠯ ᠲᠣᠭᠲᠠᠭᠤᠨ ᠪᠠᠶᠢᠨ᠎ᠠ᠃ ᠪᠥᠬᠦ ᠬᠤᠲᠠ ᠳᠤ ᠨᠡᠶᠢᠲᠡ 203 ᠪᠠᠭ᠎ᠠ ᠰᠤᠷᠭᠠᠭᠤᠯᠢ ᠲᠠᠢ᠂ | ᠰᠤᠷᠭᠠᠭᠤᠯᠢ ᠳᠤ ᠪᠠᠶᠢᠭ᠎ᠠ ᠰᠣᠷᠣᠭᠴᠢ 18.6 ᠲᠦᠮᠡ ᠪᠠᠶᠢᠵᠤ᠂ ᠡᠭᠦᠨ ᠳᠤ ᠡᠮᠡᠭᠲᠡᠶ ᠰᠣᠷᠣᠭᠴᠢ 48.4% ᠶᠢ | ᠡᠵᠡᠯᠡᠵᠦ ᠪᠠᠶᠢᠨ᠎ᠠ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 53 ᠪᠠᠶᠢᠵᠤ᠂ ᠰᠤᠷᠭᠠᠭᠤᠯᠢ ᠳᠤ ᠪᠠᠶᠢᠭ᠎ᠠ | ᠰᠣᠷᠣᠭᠴᠢ ᠶᠢᠨ ᠲᠤᠭ᠎ᠠ 8.9 ᠲᠦᠮᠡ ᠳᠤ ᠬᠦᠷᠴᠦ᠂ ᠡᠭᠦᠨ ᠳᠤ ᠡᠮᠡᠭᠲᠡᠶ ᠰᠣᠷᠣᠭᠴᠢ 48.2% ᠢ ᠡᠵᠡᠯᠡᠵᠦ | ᠪᠠᠶᠢᠨ᠎ᠠ᠃ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠤᠷᠤᠭᠰᠠᠨ ᠴᠡᠪᠡᠷ | ᠨᠣᠷᠮ᠎ᠠ 107.71% ᠳᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ 109.8% ᠳᠤ ᠬᠦᠷᠴᠦ᠂ ᠶᠢᠰᠦᠨ ᠵᠢᠯ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 95.99% ᠳᠤ ᠬᠥᠷᠪᠡ᠂ ᠡᠭᠦᠨ ᠳᠤ ᠡᠮᠡᠭᠲᠡᠶ ᠰᠣᠷᠣᠭᠴᠢ 96. | 64% ᠪᠠᠶᠢᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠡᠮᠡᠭᠲᠡᠶ | ᠰᠣᠷᠣᠭᠴᠢ ᠶᠢᠨ ᠬᠠᠷᠢᠴᠠᠯ ᠲᠣᠭᠲᠠᠭᠤᠨ ᠪᠠᠶᠢᠳᠠᠯ ᠢᠶᠠᠨ ᠪᠠᠲᠤᠯᠠᠪᠠ᠃ | ᠡᠮᠡᠭᠲᠡᠶᠢᠴᠦᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠯ ᠳᠤ ᠨᠠᠩ ᠣᠯᠠᠨ ᠲᠤᠬᠢᠶᠠᠯ ᠪᠠ ᠡᠬᠢ ᠪᠠᠶᠠᠯᠢᠭ ᠲᠠᠢ ᠪᠣᠯᠵᠠᠶ᠃ ᠣᠳᠣᠬᠠᠨ ᠳᠤ᠂ ᠮᠠᠨ ᠤ ᠬᠤᠲᠠ ᠶᠢᠨ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ 57 ᠪᠠᠶᠢᠵᠤ᠂ ᠰᠤᠷᠭᠠᠭᠤᠯᠢ ᠳᠤ | ᠪᠠᠶᠢᠭ᠎ᠠ ᠰᠣᠷᠣᠭᠴᠢ ᠶᠢᠨ ᠲᠤᠭ᠎ᠠ 3.2 ᠲᠦᠮᠡᠨ ᠬᠥᠮᠦᠨ ᠪᠤᠯᠵᠤ᠂ ᠡᠭᠦᠨ ᠳᠤ ᠡᠮᠡᠭᠲᠡᠶ ᠰᠣᠷᠣᠭᠴᠢ 42. | 83% ᠶᠢ ᠡᠵᠡᠯᠡᠵᠦ᠂ ᠠᠵᠢᠯ ᠣᠯᠭᠤᠯᠲᠠ ᠶᠢᠨ ᠪᠣᠯᠪᠠᠰᠤᠷᠠᠯ ᠤᠨ ᠲᠥᠪ ᠪᠠ ᠠᠷᠠᠳ ᠠᠴᠠ ᠡᠷᠭᠢᠯᠡᠭᠰᠡᠨ ᠠᠵᠢᠯ | ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠠᠴᠠ ᠡᠷᠭᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠳᠣᠲᠣᠷ᠎ᠠ ᠡᠮᠡᠭᠲᠡᠶ ᠰᠣᠷᠣᠭᠴᠢ ᠶᠢᠨ ᠡᠵᠡᠯᠡᠬᠦ ᠬᠠᠷᠢᠴᠠᠯ 61.8% ᠶᠢ ᠡᠵᠡᠯᠡᠵᠦ ᠪᠠᠶᠢᠨ᠎ᠠ᠂ | ᠶᠡᠷᠦᠩᠬᠡᠶ ᠳᠤᠨᠢ ᠠᠪᠴᠤ ᠦᠵᠡᠪᠡᠯ᠂ ᠡᠮᠡᠭᠲᠡᠶ ᠰᠣᠷᠣᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠭᠥᠷᠳᠡᠬᠦ ᠬᠤᠪᠢ ᠶᠢᠨ ᠵᠢᠩ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠣᠯᠵᠣ | ᠪᠠᠶᠢᠨ᠎ᠠ᠃ | http://mongol.people.com.cn/15832550.html |