ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ | ᠯᠢᠨ ᠯᠢᠨ︶ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠪᠠᠶᠢᠩᠭᠤᠵᠢᠭᠤᠯᠤᠭᠰᠠᠨ ᠠᠬᠤᠢ ᠪᠠᠶᠢᠳᠠᠯ ᠳᠣᠣᠷ᠎ᠠ᠂ ︽ᠡᠷᠡᠭᠦᠯ | ᠮᠡᠨᠳᠦ ᠶᠢᠨ ᠺᠣᠳ᠋︾ ᠨᠢ ᠶᠠᠪᠤᠵᠤ ᠰᠠᠭᠤᠬᠤ ᠳᠤ ᠵᠠᠪᠠᠯ ᠪᠡᠯᠡᠳᠬᠡᠬᠦ ᠵᠦᠢᠯ ᠪᠣᠯᠪᠠ᠃ ᠭᠡᠲᠡᠯ᠎ᠡ᠂ ᠭᠠᠵᠠᠷ ᠣᠷᠣᠨ | ᠠᠯᠤᠰᠯᠠᠭᠰᠠᠨ ᠨᠡᠭᠦᠳᠡᠯ ᠬᠥᠮᠦᠰ ᠲᠤ ᠠᠪᠴᠤ ᠬᠡᠯᠡᠪᠡᠯ᠂ ︽ᠡᠷᠡᠭᠦᠯ ᠮᠡᠨᠳᠦ ᠶᠢᠨ ᠺᠣᠳ᠋︾ ᠢ ᠪᠦᠷᠢᠳᠬᠡᠵᠦ ᠪᠠᠶᠢᠴᠠᠭᠠᠨ | ᠰᠢᠯᠭᠠᠬᠤ ᠶᠠᠪᠤᠳᠠᠯ ᠨᠢ ᠪᠠᠰᠠ ᠲᠡᠳᠡᠨ ᠤ ᠶᠠᠪᠤᠵᠤ ᠰᠠᠭᠤᠬᠤ ᠶᠢ ᠳᠥᠭᠦᠮ ᠦᠭᠡᠢ ᠪᠤᠯᠭᠠᠬᠰᠠᠨ ᠪᠠᠶᠢᠨ᠎ᠠ᠃ 10 ᠤ ᠡᠳᠦᠷ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽︿ᠢᠨᠲ᠋ᠧᠷ ᠰᠦᠯᠵᠢᠶ᠎ᠡ + | ᠡᠮᠴᠢᠯᠡᠭᠡ ᠡᠷᠡᠭᠦᠯ ᠮᠡᠨᠳᠦ﹀︾ ︽ᠲᠠᠪᠤᠨ ᠨᠢᠭᠡ︾ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠠᠬᠢᠭᠤᠯᠬᠤ | ᠲᠤᠬᠠᠶ ᠮᠡᠳᠡᠭᠳᠡᠯ︾ ᠨᠡᠶᠢᠲᠡᠯᠡᠵᠦ᠂ ᠡᠯ᠎ᠡ ᠭᠠᠵᠠᠷ ᠤᠨ ᠬᠢᠨ ᠢ ︽ᠡᠷᠡᠭᠦᠯ ᠮᠡᠨᠳᠦ ᠶᠢᠨ ᠺᠣᠳ᠋︾ ᠢ ᠪᠥᠬᠦ ᠤᠯᠤᠰ ᠲᠤ | ᠬᠠᠷᠢᠯᠴᠠᠨ ᠮᠡᠳᠡᠷᠡᠬᠦ᠂ ᠨᠢᠭᠡ ᠺᠣᠳ᠋ ᠢᠶᠠᠷ ᠨᠡᠪᠲᠡᠷᠡᠬᠦ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | ᠠᠵᠢᠯᠯᠠᠭᠠᠨ ᠤ ᠮᠡᠳᠡᠭᠳᠡᠯ ᠳᠤ᠂ ᠡᠯ᠎ᠡ ᠭᠠᠵᠠᠷ ᠤᠨ ᠬᠢᠨ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠡᠷᠡᠭᠦᠯ ᠮᠡᠨᠳᠦ ᠶᠢᠨ ᠺᠣᠳ᠋︾ ᠤᠨ ᠮᠡᠳᠡᠭᠡ ᠵᠠᠩᠭᠢ ᠶᠢ | ᠬᠠᠷᠢᠯᠴᠠᠨ ᠮᠡᠳᠡᠷᠡᠬᠦ ᠲᠣᠭᠲᠠᠴᠠ ᠪᠠ ᠲᠦᠷᠢᠮ ᠢ ᠨᠠᠶᠢᠳᠠᠪᠤᠷᠢᠵᠢᠭᠤᠯᠵᠤ᠂ ᠭᠠᠵᠠᠷ ᠣᠷᠣᠨ ᠠᠯᠤᠰᠯᠠᠭᠰᠠᠨ ᠨᠡᠭᠦᠳᠡᠯ | ᠬᠥᠮᠦᠰ ᠤᠨ ︽ᠡᠷᠡᠭᠦᠯ ᠮᠡᠨᠳᠦ ᠶᠢᠨ ᠺᠣᠳ᠋︾ ᠤᠨ ᠮᠡᠳᠡᠭᠡ ᠵᠠᠩᠭᠢ ᠶᠢ ᠡᠯ᠎ᠡ ᠭᠠᠵᠠᠷ ᠣᠷᠣᠨ ᠳᠤ ᠢᠲᠡᠭᠡᠮᠵᠢᠲᠡᠶ ᠪᠠᠷ | ᠬᠡᠷᠡᠭᠯᠡᠵᠦ ᠪᠣᠯᠬᠤ ᠶᠢ ᠲᠣᠳᠣᠷᠬᠠᠶᠢᠯᠠᠵᠤ᠂ ᠬᠥᠮᠦᠰ ᠤᠨ ᠶᠠᠪᠤᠵᠤ ᠰᠠᠭᠤᠬᠤ ᠪᠠ ᠭᠠᠵᠠᠷ ᠤᠷᠤᠨ ᠠᠯᠤᠰᠯᠠᠨ ᠨᠡᠬᠦᠬᠦ ᠳᠤ | ᠦᠨᠡᠨ ᠬᠦ ᠲᠥᠬᠦᠮ ᠦᠵᠡᠭᠦᠯᠵᠦ᠂ ᠬᠢᠵᠢᠭ ᠢ ᠰᠡᠷᠭᠡᠶᠢᠯᠡᠬᠦ ︽ᠡᠷᠡᠭᠦᠯ ᠮᠡᠨᠳᠦ ᠶᠢᠨ ᠺᠣᠳ᠋︾ ᠤᠨ ᠨᠢᠭᠡᠳᠦᠯᠲᠡᠶ ᠲᠥᠷᠥ ᠶᠢᠨ | ᠪᠣᠳᠣᠯᠭ᠎ᠠ᠂ ᠨᠢᠭᠡᠳᠦᠯᠲᠡᠶ ᠪᠠᠷᠢᠮᠵᠢᠶ᠎ᠠ ᠶᠢ ᠪᠥᠬᠦ ᠤᠯᠤᠰ ᠲᠤ ᠬᠠᠷᠢᠯᠴᠠᠨ ᠮᠡᠳᠡᠷᠡᠬᠦ᠂ ᠨᠢᠭᠡ ᠺᠣᠳ᠋ ᠢᠶᠠᠷ ᠨᠡᠪᠲᠡᠷᠡᠬᠦ ᠶᠢ | ᠪᠡᠶᠡᠯᠡᠭᠦᠯᠬᠦ ᠬᠡᠷᠡᠭᠲᠡᠶ ᠬᠡᠵᠦ ᠱᠠᠭᠠᠷᠳᠠᠵᠠᠢ᠃ | ᠲᠦᠭᠰᠢᠭᠦᠷᠢ ᠪᠠᠭᠠᠲᠠᠶ ᠭᠠᠵᠠᠷ ᠣᠷᠣᠨ ᠤ ᠲᠤᠬᠠᠢ ᠠᠵᠢᠯᠯᠠᠭᠠᠨ ᠤ ᠮᠡᠳᠡᠭᠳᠡᠯ ᠳᠤ᠂ ᠣᠨᠴᠠᠭᠠᠶ ᠲᠠᠯᠠᠪᠤᠷ ᠭᠠᠵᠠᠷ ᠪᠠ | ᠣᠨᠴᠠᠭᠠᠶ ᠬᠥᠮᠦᠰ ᠢ ᠭᠠᠷᠭᠠᠪᠠᠯ᠂ ᠡᠩ ᠤᠨ ᠪᠠᠶᠢᠳᠠᠯ ᠳᠤ ︽ᠡᠷᠡᠭᠦᠯ ᠮᠡᠨᠳᠦ ᠶᠢᠨ ᠺᠣᠳ᠋︾ ᠢ ᠪᠠᠶᠢᠴᠠᠭᠠᠨ ᠰᠢᠯᠭᠠᠵᠤ ᠪᠣᠯᠬᠤ | ᠥᠬᠡᠶ ᠬᠡᠪᠡ᠃ | ᠨᠠᠰᠤᠲᠠᠶᠢᠴᠤᠳ ᠵᠡᠷᠭᠡ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠥᠬᠡᠶ ᠬᠥᠮᠦᠰ ᠤᠨ ᠲᠤᠬᠠᠢ | ᠠᠵᠢᠯᠯᠠᠭ᠎ᠠ ᠶᠢᠨ ᠮᠡᠳᠡᠭᠳᠡᠯ ᠳᠤ᠂ ᠪᠡᠶ᠎ᠡ ᠶᠢᠨ ᠦᠨᠡᠮᠯᠡᠯ ᠢᠶᠠᠷ ᠨᠢ ᠲᠠᠨᠢᠬᠤ᠂ ᠴᠠᠭᠠᠰᠤᠨ ᠭᠡᠷᠡᠴᠢ ᠦᠵᠡᠭᠦᠯᠬᠦ᠂ ᠲᠥᠷᠥᠯ | ᠰᠠᠳᠤᠨ ᠨᠠᠶᠢᠵᠠ ᠨᠥᠬᠦᠳ ᠨᠢ ᠣᠷᠣᠯᠠᠨ ᠬᠦᠢᠴᠡᠳᠭᠡᠬᠦ ᠪᠤᠶᠤ ᠨᠢᠭᠡ ᠬᠥᠮᠦᠨ ᠨᠢ ᠣᠯᠠᠨ ᠬᠥᠮᠦᠨ ᠤ ᠬᠢᠵᠢᠭ ᠢ ᠰᠡᠷᠭᠡᠶᠢᠯᠡᠬᠦ | ︽ᠡᠷᠡᠭᠦᠯ ᠮᠡᠨᠳᠦ ᠶᠢᠨ ᠺᠣᠳ᠋︾ ᠲᠠᠢ ᠬᠤᠯᠪᠣᠬᠤ ᠵᠡᠷᠭᠡ ᠣᠷᠣᠯᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃ ᠬᠤᠶᠠᠳᠤᠭᠠᠷ | ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠢ ᠣᠷᠣᠬᠤ ᠡᠭᠦᠳᠡᠨ ᠳᠤ ᠪᠠᠨ ︽ᠡᠷᠡᠭᠦᠯ ᠮᠡᠨᠳᠦ ᠶᠢᠨ ᠺᠣᠳ᠋ ᠦᠯᠦ | ᠦᠵᠡᠬᠦ︾ ᠰᠠᠭᠠᠳ ᠦᠭᠡᠢ ᠨᠡᠪᠲᠡᠷᠡᠬᠦ ᠵᠠᠮ ᠢ ᠨᠡᠮᠡᠨ ᠭᠠᠷᠭᠠᠵᠤ᠂ ᠬᠢᠵᠢᠭ ᠢ ᠰᠡᠷᠭᠡᠶᠢᠯᠡᠬᠦ ︽ᠡᠷᠡᠭᠦᠯ ᠮᠡᠨᠳᠦ ᠶᠢᠨ ᠺᠣᠳ᠋︾ ᠢ | ᠠᠰᠠᠭᠤᠨ ᠯᠠᠪᠯᠠᠬᠤ ᠳᠤ ᠬᠥᠮᠦᠨ ᠲᠤᠬᠢᠷᠠᠭᠤᠯᠤᠨ ᠬᠠᠪᠰᠤᠷᠤᠭᠤᠯᠵᠤ᠂ ᠲᠠᠬᠤᠯ ᠡᠪᠡᠳᠴᠢᠨ ᠤ ᠲᠡᠦᠬᠡ ᠶᠢᠨ ᠪᠠᠶᠢᠴᠠᠭᠠᠯᠲᠠ | ᠶᠢᠨ ᠬᠦᠰᠦᠨᠦᠭᠳᠦ ᠭᠠᠷ ᠢᠶᠠᠷ ᠲᠠᠭᠯᠠᠬᠤ ᠳᠤ ᠬᠠᠪᠰᠤᠷᠤᠭᠤᠯᠵᠤ᠂ ᠬᠦᠯᠢᠶᠡᠬᠦ ᠴᠠᠭ ᠢ ᠨᠢ ᠪᠣᠭᠤᠨᠢᠰᠬᠠᠨ᠂ ᠨᠠᠰᠤᠲᠠᠶ | ᠬᠥᠮᠦᠰ ᠲᠤ ᠨᠡᠩ ᠨᠠᠷᠢᠯᠢᠭ ᠲᠣᠬᠢᠷᠠᠮᠵᠢᠲᠠᠢ ᠦᠢᠯᠡᠴᠢᠯᠡᠭᠡ ᠬᠠᠩᠭᠠᠬᠤ ᠬᠡᠷᠡᠭᠲᠡᠢ ᠬᠡᠵᠦ ᠱᠠᠭᠠᠷᠳᠠᠪᠠ᠃ | ᠡᠭᠦᠨ ᠠᠴᠠ ᠭᠠᠳᠠᠨ᠎ᠠ᠂ ᠬᠢᠵᠢᠭ ᠢ ᠰᠡᠷᠭᠡᠶᠢᠯᠡᠬᠦ ︽ᠡᠷᠡᠭᠦᠯ ᠮᠡᠨᠳᠦ ᠶᠢᠨ ᠺᠣᠳ᠋︾ ᠤᠨ ᠲᠤᠭ᠎ᠠ ᠪᠠᠷᠢᠮᠲᠠ ᠶᠢ | ᠵᠢᠷᠤᠮᠵᠢᠭᠤᠯᠤᠨ ᠬᠡᠷᠡᠭᠯᠡᠬᠦ ᠲᠤᠬᠠᠶ ᠠᠵᠢᠯᠯᠠᠭ᠎ᠠ ᠶᠢᠨ ᠮᠡᠳᠡᠭᠳᠡᠯ ᠳᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠬᠤᠪᠢ ᠬᠥᠮᠦᠨ ᠤ ᠨᠢᠭᠤᠴᠠ ᠶᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | http://mongol.people.com.cn/15832549.html |