ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠮᠦᠩᠭᠦᠨ ᠬᠦᠢᠯᠭᠡᠭᠡᠨ ᠤ ᠵᠢᠵᠢᠭ ᠪᠠᠯᠭᠠᠰᠤ ᠶᠢᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠥᠷᠥ ᠶᠢᠨ ᠪᠤᠳᠤᠯᠭ᠎ᠠ
ᠨᠡᠶᠢᠲᠡᠯᠡᠭᠰᠡᠨ ᠴᠠᠭ᠄
2020/12/14
     ︽ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠮᠦᠩᠭᠦᠨ ᠬᠦᠢᠯᠭᠡᠭᠡᠨ ᠤ ᠵᠢᠵᠢᠭ ᠪᠠᠯᠭᠠᠰᠤ ᠶᠢᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠥᠷᠥ ᠶᠢᠨ ᠪᠤᠳᠤᠯᠭ᠎ᠠ︾ ︵ᠲᠤᠷᠤᠭᠰᠢ ︽ᠲᠦᠷᠥ ᠶᠢᠨ ᠪᠤᠳᠤᠯᠭ᠎ᠠ︾ ᠭᠡᠵᠦ ᠲᠦᠭᠦᠮᠴᠢᠯᠡᠶ᠎ᠡ︶ ᠶᠢ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠬᠠᠮᠳᠤᠷᠠᠨ ᠲᠠᠷᠤᠮᠠᠯᠯᠠᠨ ᠲᠠᠷᠬᠠᠭᠠᠪᠠ᠃     ᠲᠤᠭᠲᠠᠭᠠᠭᠰᠠᠨ ᠦᠨᠳᠦᠰᠦᠯᠡᠯ     ᠮᠦᠩᠭᠦᠨ ᠬᠦᠢᠯᠭᠡᠭᠡᠨ ᠤ ᠵᠢᠵᠢᠭ ᠪᠠᠯᠭᠠᠰᠤ ᠪᠣᠯ ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠶᠠᠭᠤᠨ ᠤ ᠤᠷᠢᠳ ᠡᠬᠢᠯᠡᠭᠦᠯᠦᠭᠰᠡᠨ ᠭᠤᠤᠯᠳᠠᠯᠭ᠎ᠠ ᠲᠠᠢ ᠠᠵᠤ ᠦᠢᠯᠡᠰ ᠤᠨ ᠲᠠᠪᠴᠠᠩ ᠤᠨ ᠲᠦᠷᠦᠯ  ᠵᠦᠢᠯ ᠪᠠᠶᠢᠵᠤ᠂ ᠮᠦᠩᠭᠦᠨ ᠬᠦᠢᠯᠭᠡᠭᠡᠨ ᠤ ᠦᠢᠯᠡᠴᠢᠯᠡᠭᠡ ᠶᠢᠨ ᠪᠤᠳᠠᠳᠤ ᠠᠵᠤ ᠠᠬᠤᠢ ᠶᠢᠨ ᠴᠢᠳᠠᠪᠤᠷᠢ ᠶᠢ ᠨᠡᠮᠡᠭᠳᠡᠭᠦᠯᠬᠦ ᠪᠠᠷ ᠬᠠᠷᠠᠯᠲᠠ ᠪᠤᠯᠭᠠᠵᠤ᠂ ᠪᠦᠷᠢᠨ ᠲᠡᠭᠦᠯᠳᠡᠷ ᠮᠦᠩᠭᠦᠨ ᠬᠦᠢᠯᠭᠡᠭᠡᠨ ᠤ ᠦᠢᠯᠡᠰ ᠤᠨ ᠠᠮᠢ ᠠᠬᠤᠢ ᠶᠢᠨ ᠲᠤᠭᠤᠷᠢᠭ ᠢ ᠪᠠᠶᠢᠭᠤᠯᠬᠤ ᠪᠠᠷ ᠠᠷᠭ᠎ᠠ ᠠᠪᠴᠠᠯ ᠪᠤᠯᠭᠠᠵᠤ᠂ ︽ᠵᠠᠰᠠᠭ ᠤᠨ ᠤᠷᠳᠤᠨ ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯ ᠴᠤᠭᠴᠠ ᠪᠣᠯᠭᠠᠬᠤ᠂ ᠵᠠᠬ᠎ᠠ ᠲᠡᠯᠭᠡᠭᠦᠷᠴᠢᠯᠡᠭᠰᠡᠨ ᠠᠵᠢᠯᠯᠠᠭ᠎ᠠ︾ ᠪᠠᠷ  ᠪᠦᠲᠦᠭᠡᠨ ᠪᠠᠶᠢᠭᠤᠯᠤᠯᠲᠠ ᠶᠢᠨ ᠵᠠᠭᠪᠤᠷ ᠪᠤᠯᠭᠠᠵᠤ᠂ ᠤᠷᠤᠨ ᠪᠦᠰᠡᠳᠦ ᠴᠢᠨᠠᠷ ᠢᠶᠠᠷ ᠣᠬᠢ ᠰᠠᠶᠢᠨ᠂ ᠴᠢᠳᠠᠮᠵᠢ ᠪᠦᠷᠢᠨ ᠲᠡᠭᠦᠯᠳᠡᠷ ᠮᠦᠩᠭᠦᠨ ᠬᠦᠢᠯᠭᠡᠭᠡᠨ ᠤ ᠦᠢᠯᠡᠰ ᠤᠨ ᠪᠦᠭᠡᠮᠨᠡᠷᠡᠯ ᠤᠨ ᠲᠤᠭᠤᠷᠢᠭ ᠢ ᠪᠠᠶᠢᠭᠤᠯᠤᠨ᠎ᠠ᠃     2017 ᠣᠨ ᠤ 11 ᠳ᠋ᠤᠭᠡᠷ ᠰᠠᠷ᠎ᠠ ᠶᠢᠨ 22 ᠤᠨ ᠡᠳᠦᠷ᠂ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ  ᠬᠠᠮᠳᠤᠷᠠᠨ ︽ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠮᠦᠩᠭᠦᠨ ᠬᠦᠢᠯᠭᠡᠭᠡᠨ ᠤ ᠵᠢᠵᠢᠭ ᠪᠠᠯᠭᠠᠰᠤ ᠶᠢᠨ ᠠᠷᠠᠯᠵᠢᠶᠠᠴᠢᠨ ᠤᠷᠢᠵᠤ  ᠪᠡᠯᠡ ᠤᠷᠤᠭᠤᠯᠬᠤ ᠬᠠᠷᠠᠭᠠᠯᠵᠠᠯ ᠤᠨ ᠲᠥᠷᠥ ᠶᠢᠨ ᠪᠣᠳᠤᠯᠭ᠎ᠠ ︵ᠲᠤᠷᠰᠢᠨ ᠬᠡᠷᠡᠭᠵᠢᠬᠦᠯᠬᠦ︶︾ ᠶᠢ ᠲᠠᠷᠤᠮᠠᠯᠯᠠᠨ ᠲᠠᠷᠬᠠᠭᠠᠪᠠ᠃ ᠲᠤᠰ ᠲᠥᠷᠥ ᠶᠢᠨ ᠪᠤᠳᠤᠯᠭ᠎ᠠ ᠨᠢ ᠲᠤᠷᠰᠢᠨ ᠬᠡᠷᠡᠭᠵᠢᠬᠦᠯᠦᠭᠰᠡᠨ ᠬᠤᠶᠠᠷ ᠵᠢᠯ ᠤᠨ ᠲᠤᠷᠰᠢ᠂ ᠮᠦᠩᠭᠦᠨ ᠬᠦᠢᠯᠭᠡᠭᠡᠨ ᠤ ᠵᠢᠵᠢᠭ ᠪᠠᠯᠭᠠᠰᠤ ᠳᠤ ᠬᠦᠴᠦᠨ ᠨᠡᠮᠡᠷᠢᠯᠡᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠰᠠᠶᠢᠨ ᠦᠷ᠎ᠡ ᠪᠦᠳᠦᠮᠵᠢ ᠣᠯᠵᠤ  ᠂ ᠨᠤᠲᠤᠭᠰᠢᠨ ᠰᠠᠭᠤᠭᠰᠠᠨ ᠪᠠᠶᠢᠭᠤᠯᠤᠮᠵᠢ ᠶᠢᠨ ᠬᠠᠮᠳᠤ ᠶᠢᠨ ᠰᠠᠶᠢᠨ ᠦᠨᠡᠯᠡᠯᠲᠡ ᠶᠢ ᠤᠯᠪᠠ᠃ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠦᠷᠥ ᠶᠢᠨ ᠪᠣᠳᠤᠯᠭ᠎ᠠ ᠶᠢᠨ ᠲᠤᠷᠰᠢᠨ ᠬᠡᠷᠡᠭᠵᠢᠬᠦᠯᠦᠭᠰᠡᠨ ᠬᠤᠭᠤᠴᠠᠭᠠᠨ ᠳᠠᠬᠢ ᠪᠠᠶᠢᠳᠠᠯ ᠢ ᠦᠨᠳᠦᠰᠦᠯᠡᠨ᠂ ᠲᠥᠷᠥ ᠶᠢᠨ ᠪᠣᠳᠤᠯᠭ᠎ᠠ ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ ᠡᠳᠦᠭᠡ ᠲᠠᠬᠢᠨ ᠨᠡᠶᠢᠳᠡᠯᠡᠵᠦ ᠪᠠᠶᠢᠨ᠎ᠠ᠃     ᠭᠤᠣᠯ ᠠᠭᠤᠯᠭ᠎ᠠ     ᠳᠡᠮᠵᠢᠬᠦ ᠬᠦᠷᠢᠶ᠎ᠡ ᠬᠡᠪᠴᠢᠶ᠎ᠡ     ᠬᠤᠷᠢᠨᠬᠡᠷ ᠰᠢᠨ᠎ᠡ ᠲᠣᠭᠤᠷᠢᠭ ᠤᠨ ᠮᠦᠩᠭᠦᠨ ᠬᠦᠢᠯᠭᠡᠭᠡᠨ ᠤ ᠵᠢᠵᠢᠭ ᠪᠠᠯᠭᠠᠰᠤ ᠶᠢᠨ ᠲᠦᠯᠦᠪᠵᠢᠭᠦᠯᠭᠡ ᠶᠢᠨ ᠬᠦᠷᠢᠶ᠎ᠡ ᠬᠡᠪᠴᠢᠶᠡᠨ ᠳᠤ ᠲᠣᠬᠢᠷᠠᠭᠤᠯᠤᠭᠰᠠᠨ ᠮᠦᠷᠲᠡᠭᠡᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠲᠠᠢ ᠡᠯ᠎ᠡ ᠲᠦᠷᠦᠯ ᠤᠨ ᠮᠦᠩᠭᠦᠨ ᠬᠦᠢᠯᠭᠡᠭᠡ᠂ ᠮᠦᠩᠭᠦᠨ ᠭᠦᠢᠯᠭᠡᠭᠡ ᠮᠠᠶ᠋ᠢᠭ ᠤᠨ ᠠᠵᠤ ᠠᠬᠤᠶᠢᠯᠠᠯ᠃     ᠡᠭᠦᠨ ᠳᠤ ᠪᠠᠭᠲᠠᠬᠤ ᠨᠢ᠄     ᠪᠠᠩᠭᠢ᠂ ᠲᠡᠮᠳᠡᠭᠲᠦ᠂ ᠲᠠᠭᠠᠳᠬᠠᠯ᠂ ᠰᠠᠭᠤᠷᠢ ᠮᠦᠩᠭᠦᠨ ᠤ ᠬᠠᠮᠢᠶᠠᠷᠤᠭᠴᠢ᠂ ᠰᠠᠭᠤᠷᠢ ᠮᠦᠩᠭᠦᠨ ᠤ ᠪᠦᠳᠦᠭᠡᠭᠳᠡᠭᠦᠨ᠂ ᠳᠠᠨᠵᠢ ᠶᠢᠨ ᠠᠵᠢᠯ ᠲᠦᠷᠦᠯ᠂ ᠪᠡᠯᠡ ᠭᠠᠷᠭᠠᠨ ᠲᠦᠷᠢᠶᠡᠰᠦᠯᠡᠭᠦᠯᠬᠦ ᠺᠤᠮᠫᠠᠨᠢ᠂ ᠬᠤᠳᠠᠯᠳᠤᠭᠠᠨ ᠤ ᠣᠷᠣᠯᠠᠨ ᠲᠥᠯᠥᠬᠦ ᠺᠤᠮᠫᠠᠨᠢ᠂ ᠤᠷᠤᠨ ᠨᠤᠲᠤᠭ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠤᠮᠫᠠᠨᠢ᠂ ᠢᠲᠡᠭᠡᠮᠵᠢ ᠶᠢᠨ ᠲᠠᠭᠠᠭᠠᠯᠲᠠ ᠶᠢᠨ ᠪᠠᠶᠢᠭᠤᠯᠤᠮᠵᠢ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ᠂ ᠭᠤᠷᠪᠠᠳᠠᠭᠴᠢ ᠲᠤᠭᠠᠴᠠᠭ᠎ᠠ ᠬᠢᠬᠦ ᠪᠠᠶᠢᠭᠤᠯᠤᠮᠵᠢ ᠵᠡᠷᠭᠡ ᠮᠦᠩᠭᠦᠨ ᠬᠦᠢᠯᠭᠡᠭᠡ᠂ ᠮᠦᠩᠭᠦᠨ ᠭᠦᠢᠯᠭᠡᠭᠡ ᠮᠠᠶ᠋ᠢᠭ ᠤᠨ ᠮᠦᠩᠭᠦᠨ ᠬᠦᠢᠯᠭᠡᠭᠡᠨ ᠤ  ᠪᠠᠶᠢᠭᠤᠯᠤᠮᠵᠢ᠃     ᠮᠡᠳᠡᠭᠡ ᠵᠠᠩᠭᠢ ᠴᠤᠭᠯᠠᠭᠤᠯᠬᠤ ᠺᠤᠮᠫᠠᠨᠢ᠂  ᠬᠦᠷᠦᠩᠭᠡ ᠶᠢᠨ ᠢᠳᠡᠭᠡᠮᠵᠢ ︵ᠲᠡᠰ ᠲᠤᠭᠲᠠᠭᠠᠬᠤ︶ ᠶᠢᠨ ᠺᠤᠮᠫᠠᠨᠢ᠂ ᠡᠳ᠋ ᠬᠦᠷᠦᠩᠭᠡ ᠶᠢᠨ ᠦᠨᠡᠯᠡᠯᠭᠡ ᠶᠢᠨ ᠺᠤᠮᠫᠠᠨᠢ᠂ ᠡᠳ᠋ ᠤᠨ ᠶᠠᠪᠤᠳᠠᠯ ᠤᠨ ᠬᠢᠨᠠᠨ ᠪᠣᠳᠤᠯᠲᠠ ᠶᠢᠨ ᠺᠤᠮᠫᠠᠨᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠵᠡᠷᠭᠡ ᠢᠵᠢ ᠪᠦᠷᠢᠳᠦᠭᠦᠯᠬᠦ  ᠦᠢᠯᠡᠴᠢᠯᠡᠭᠡᠨ ᠤ ᠪᠠᠶᠢᠭᠤᠯᠤᠮᠵᠢ᠃     ᠱᠠᠩᠨᠠᠯ ᠤᠨ ᠠᠭᠤᠯᠭ᠎ᠠ     ︵ᠨᠢᠭᠡ︶ ᠠᠳᠠᠯᠢ ᠪᠤᠰᠤ ᠲᠦᠷᠦᠯ ᠵᠦᠢᠯ ᠢᠶᠠᠷ ᠨᠢ ᠨᠡᠭᠡᠭᠡᠵᠦ ᠪᠠᠶᠢᠭᠤᠯᠤᠭᠰᠠᠨ ᠨᠦᠬᠦᠪᠦᠷᠢ ᠤᠯᠭᠤᠨ᠎ᠠ     ᠲᠡᠮᠳᠡᠭᠲᠦ ᠶᠢᠨ ᠲᠦᠷᠦᠯ ᠤᠨ ᠺᠤᠮᠫᠠᠨᠢ ᠳᠤ ᠨᠡᠭᠡᠭᠡᠵᠦ ᠪᠠᠶᠢᠭᠤᠯᠤᠭᠰᠠᠨ ᠨᠦᠬᠦᠪᠦᠷᠢ ᠬᠠᠮᠤᠭ ᠤᠨ ᠦᠨᠳᠦᠷ ᠲᠡᠭᠡᠨ 2000 ᠲᠦᠭᠦᠷᠢᠭ ᠠᠴᠠ ᠬᠡᠳᠦᠷᠡᠭᠦᠯᠬᠦ ᠦᠭᠡᠢ᠃     ᠪᠠᠩᠭᠢ᠂ ᠲᠠᠭᠠᠳᠬᠠᠯ ᠤᠨ ᠦᠢᠯᠡᠰ ᠤᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠳᠤ ᠨᠡᠭᠡᠭᠡᠵᠦ ᠪᠠᠶᠢᠭᠤᠯᠤᠭᠰᠠᠨ ᠨᠦᠬᠦᠪᠦᠷᠢ ᠬᠠᠮᠤᠭ ᠤᠨ ᠦᠨᠳᠦᠷ  ᠲᠡᠭᠡᠨ1000 ᠲᠦᠮᠡᠨ ᠲᠦᠭᠦᠷᠢᠭ ᠠᠴᠠ ᠬᠡᠳᠦᠷᠡᠭᠦᠯᠬᠦ ᠦᠭᠡᠢ᠃     ᠰᠠᠭᠤᠷᠢ ᠮᠦᠩᠭᠦᠨ ᠤ ᠬᠠᠮᠢᠶᠠᠷᠤᠭᠴᠢ ᠳᠤ ᠨᠡᠭᠡᠭᠡᠵᠦ ᠪᠠᠶᠢᠭᠤᠯᠤᠭᠰᠠᠨ ᠨᠦᠬᠦᠪᠦᠷᠢ ᠬᠠᠮᠤᠭ ᠤᠨ ᠦᠨᠳᠦᠷ ᠲᠡᠭᠡᠨ 200 ᠲᠦᠮᠡᠨ ᠲᠦᠭᠦᠷᠢᠭ ᠠᠴᠠ ᠬᠡᠳᠦᠷᠡᠭᠦᠯᠬᠦ ᠦᠭᠡᠢ᠃     ᠰᠠᠭᠤᠷᠢ ᠮᠦᠩᠭᠦᠨ ᠤ ᠪᠦᠳᠦᠭᠡᠭᠳᠡᠭᠦᠨ᠂ ᠲᠠᠨᠵᠢ ᠶᠢᠨ ᠠᠵᠢᠯ ᠲᠦᠷᠦᠯ᠂ ᠪᠡᠯᠡ ᠴᠤᠭᠯᠠᠭᠤᠯᠬᠤ ᠲᠦᠷᠢᠶᠡᠰᠦᠯᠡᠬᠦ ᠺᠤᠮᠫᠠᠨᠢ᠂ ᠬᠤᠳᠠᠯᠳᠤᠭᠠᠨ ᠤ ᠣᠷᠣᠯᠠᠨ ᠲᠥᠯᠥᠬᠦ ᠺᠤᠮᠫᠠᠨᠢ᠂ ᠤᠷᠤᠨ ᠨᠤᠲᠤᠭ ᠤᠨ ᠬᠦᠷᠦᠩᠭᠡ ᠶᠢᠨ ᠬᠠᠮᠢᠶᠠᠷᠤᠯᠲᠠ ᠶᠢᠨ ᠺᠤᠮᠫᠠᠨᠢ᠂ ᠤᠷᠤᠨ ᠪᠦᠰᠡ ᠶᠢᠨ ᠴᠢᠨᠠᠷᠳᠠᠢ ᠰᠲ᠋ᠤᠺ ᠤᠨ ᠡᠷᠬᠡ ᠶᠢᠨ ᠵᠠᠬ᠎ᠠ ᠲᠡᠯᠭᠡᠭᠦᠷ᠂ ᠢᠳᠡᠭᠡᠮᠵᠢ ᠶᠢᠨ ᠲᠠᠭᠠᠭᠠᠯᠲᠠ ᠶᠢᠨ ᠪᠠᠶᠢᠭᠤᠯᠤᠮᠵᠢ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ᠂ ᠪᠡᠯᠡ ᠤᠷᠤᠭᠤᠯᠤᠯᠲᠠ ᠶᠢᠨ ᠺᠤᠮᠫᠠᠨᠢ᠂ ᠢᠳᠡᠭᠡᠮᠵᠢ ᠶᠢᠨ ᠬᠠᠷᠢᠯᠴᠠᠨ ᠬᠠᠪᠰᠤᠷᠤᠯᠴᠠᠬᠤ ᠲᠠᠷᠢᠶᠠᠴᠢᠨ ᠤ ᠲᠤᠰᠬᠠᠢ ᠬᠤᠷᠰᠢᠶ᠎ᠠ᠂ ᠨᠡᠶᠢᠭᠡᠮ ᠤᠨ ᠤᠯᠠᠨ ᠢᠶᠠᠷ ᠢᠶᠠᠨ ᠴᠤᠭᠯᠠᠭᠤᠯᠬᠤ ᠪᠠᠶᠢᠭᠤᠯᠤᠮᠵᠢ ᠳᠤ ᠨᠡᠭᠡᠭᠡᠵᠦ ᠪᠠᠶᠢᠭᠤᠯᠤᠭᠰᠠᠨ ᠨᠦᠬᠦᠪᠦᠷᠢ100 ᠲᠦᠮᠡᠨ ᠲᠦᠭᠦᠷᠢᠭ ᠠᠴᠠ ᠬᠡᠳᠦᠷᠡᠭᠦᠯᠬᠦ ᠦᠭᠡᠢ᠃     ᠮᠡᠳᠡᠭᠡ ᠵᠠᠩᠭᠢ ᠴᠤᠭᠯᠠᠭᠤᠯᠬᠤ ᠠᠵᠢᠯ ᠲᠥᠷᠥᠯ᠂ ᠬᠦᠷᠦᠩᠭᠡ ᠶᠢᠨ ᠢᠳᠡᠭᠡᠮᠵᠢ ︵ᠲᠡᠰ ᠲᠤᠭᠲᠠᠭᠠᠬᠤ︶ ᠶᠢᠨ ᠺᠤᠮᠫᠠᠨᠢ᠂ ᠡᠳ᠋ ᠬᠦᠷᠦᠩᠭᠡ ᠶᠢᠨ ᠥᠨᠡᠯᠡᠯᠭᠡ ᠶᠢᠨ ᠺᠤᠮᠫᠠᠨᠢ᠂ ᠡᠳ᠋ ᠤᠨ ᠶᠠᠪᠤᠳᠠᠯ ᠤᠨ ᠬᠢᠨᠠᠨ  ᠪᠣᠳᠤᠯᠲᠠ ᠶᠢᠨ ᠺᠤᠮᠫᠠᠨᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠬᠡᠷᠡᠴᠢᠯᠡᠭᠡ ᠶᠢᠨ ᠭᠠᠵᠠᠷ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠨᠡᠭᠡᠭᠡᠵᠦ ᠡᠷᠬᠢᠯᠡᠭᠰᠡᠨ ᠨᠦᠬᠦᠪᠦᠷᠢ 50 ᠲᠦᠮᠡᠨ ᠲᠦᠭᠦᠷᠢᠭ ᠠᠴᠠ ᠬᠡᠳᠦᠷᠡᠭᠦᠯᠬᠦ ᠦᠭᠡᠢ᠃     ︵ᠬᠤᠶᠠᠷ︶  ᠨᠤᠲᠤᠭᠰᠢᠨ ᠰᠠᠭᠤᠬᠤ ᠪᠠᠶᠢᠭᠤᠯᠤᠮᠵᠢ ᠳᠤ ᠲᠠᠷᠠᠭᠠᠯᠠᠨ10 ᠵᠢᠯ ᠡᠵᠡᠩᠨᠡᠯᠲᠡ ᠶᠢᠨ ᠱᠠᠩᠨᠠᠯ ᠣᠯᠭᠤᠨ᠎ᠠ     ᠠᠵᠤ ᠠᠬᠤᠶᠢᠯᠠᠯ ᠤᠨ ᠤᠷᠤᠯᠭ᠎ᠠ ᠶᠢᠨ ᠭᠠᠶᠢᠯᠢ ᠠᠴᠠ ᠤᠷᠤᠨ ᠨᠤᠲᠤᠭ ᠤᠨ ᠦᠯᠡᠳᠡᠭᠡᠵᠦ ᠠᠪᠤᠭᠰᠠᠨ ᠬᠡᠰᠡᠭ ᠢᠶᠠᠷ ᠱᠠᠩᠨᠠᠯ ᠤᠨ ᠪᠠᠷᠢᠮᠵᠢᠶ᠎ᠠ ᠪᠤᠯᠭᠠᠵᠤ᠂ ᠲᠦᠷᠦᠭᠦᠦ 5 ᠵᠢᠯ ᠳᠤ100%᠂ ᠰᠡᠭᠦᠯ ᠤᠨ 5 ᠵᠢᠯ ᠳᠤ50% ᠶᠢᠨ ᠬᠠᠷᠢᠴᠠᠯ ᠢᠶᠠᠷ ᠤᠷᠤᠨ ᠨᠤᠲᠤᠭ ᠤᠨ ᠡᠳ᠋ ᠤᠨ ᠵᠠᠰᠠᠭ ᠠᠴᠠ ᠱᠠᠩᠨᠠᠯ ᠣᠯᠭᠤᠨ᠎ᠠ᠃     ︵ᠭᠤᠷᠪᠠ︶ ᠭᠠᠵᠠᠷ ᠬᠤᠳᠠᠯᠳᠤᠨ ᠠᠪᠬᠤ᠂ ᠭᠡᠷ ᠬᠤᠳᠠᠯᠳᠤᠨ ᠠᠪᠬᠤ ᠪᠣᠶᠤ ᠭᠡᠷ ᠲᠦᠷᠢᠶᠡᠰᠦᠯᠡᠬᠦ ᠨᠦᠬᠦᠪᠦᠷᠢ     ᠭᠠᠵᠠᠷ ᠬᠤᠳᠠᠯᠳᠤᠨ ᠠᠪᠴᠤ ᠦᠪᠡᠷᠲᠡᠭᠡᠨ ᠠᠯᠪᠠᠨ ᠬᠡᠷᠡᠭᠯᠡᠭᠡᠨ ᠤ ᠭᠡᠷ ᠪᠠᠶᠢᠭᠤᠯᠬᠤ ᠳᠤ ᠭᠠᠵᠠᠷ ᠭᠡᠷᠡᠭᠯᠡᠬᠦ ᠤᠴᠢᠷ ᠢ ︽ᠨᠢᠭᠡ ᠤᠴᠢᠷ ᠢ ᠨᠢᠭᠡ ᠵᠥᠪᠯᠡᠨ᠎ᠡ︾᠃     ᠠᠯᠪᠠᠨ ᠬᠡᠷᠡᠭᠯᠡᠭᠡᠨ ᠤ ᠭᠡᠷ ᠬᠤᠳᠠᠯᠳᠤᠨ ᠠᠪᠬᠤ ᠳᠤ ᠲᠡᠭᠰᠢ ᠳᠥᠷᠪᠡᠯᠵᠢᠨ ᠮᠧᠲᠷ ᠪᠦᠷᠢ ᠳᠤ 300 ᠲᠦᠭᠦᠷᠢᠭ ᠤᠨ ᠨᠦᠬᠦᠪᠦᠷᠢ ᠶᠢᠨ ᠮᠦᠩᠭᠦ ᠤᠯᠭᠤᠵᠤ᠂ ᠨᠡᠶᠢᠲᠡ ᠲᠤᠭ᠎ᠠ ᠶᠢ 100 ᠲᠦᠮᠡᠨ ᠲᠦᠭᠦᠷᠢᠭ ᠠᠴᠠ ᠬᠡᠳᠦᠷᠡᠭᠦᠯᠬᠦ ᠦᠭᠡᠢ᠃     ᠠᠯᠪᠠᠨ ᠬᠡᠷᠡᠭᠯᠡᠭᠡᠨ ᠤ ᠭᠡᠷ ᠲᠦᠷᠢᠶᠡᠰᠦᠯᠡᠬᠦ ᠳᠤ᠂ 300 ᠲᠡᠭᠰᠢ ᠳᠥᠷᠪᠡᠯᠵᠢᠨ ᠮᠧᠲᠷ ᠪᠦᠷᠢ ᠳᠤ ᠵᠢᠴᠢ ᠲᠡᠭᠦᠨ ᠠᠴᠠ ᠪᠠᠭ᠎ᠠ ᠳᠤ᠂ ᠵᠢᠯ ᠤᠨ ᠳᠦᠷᠢᠶᠡᠰᠦᠨ ᠮᠦᠩᠭᠦ ᠶᠢ ᠲᠦᠷᠦᠭᠦᠦ 3 ᠵᠢᠯ ᠳᠤ100 % ᠪᠠᠷ᠂ 4 ᠠᠴᠠ 5 ᠳ᠋ᠤᠭᠠᠷ ᠵᠢᠯ ᠳᠤ 50% ᠪᠠᠷ ᠳᠦᠷᠢᠶᠡᠰᠦᠨ ᠤ ᠨᠦᠬᠦᠪᠦᠷᠢ ᠣᠯᠭᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ