ᠮᠠᠨ ᠤ ᠬᠤᠲᠠ ᠶᠢᠨ ᠡᠮᠡᠭᠲᠡᠶᠢᠴᠦᠳ ᠬᠡᠤᠬᠡᠳ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020/12/14
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠭᠴᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2011 — 2020 ᠣᠨ︶︾ ᠪᠣᠯᠤᠨ ︽ᠬᠥᠬᠡᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2011 — 2020 ᠣᠨ︶︾ ︵ᠳᠣᠷᠣᠭᠰᠢ ︽ᠬᠤᠶᠠᠷ ᠬᠥᠲᠥᠯᠪᠦᠷᠢ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠲᠠ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠵᠢᠷᠤᠮᠯᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠬᠦ ᠶᠢᠨ ᠬᠠᠮᠲᠤ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠪᠠ ᠪᠤᠶᠢᠳᠠ ᠪᠥᠭᠯᠡᠭᠦᠤ ᠭᠠᠵᠠᠷ ᠣᠷᠣᠨ ᠤ ᠬᠡᠤᠬᠡᠨᠴᠦᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠷᠬᠡ ᠲᠡᠭᠰᠢ ᠪᠠᠷ ᠭᠥᠷᠳᠡᠬᠦ ᠶᠢ ᠪᠠᠲᠤᠯᠠᠵᠤ᠂ ᠡᠷᠡᠭᠲᠡᠶ ᠡᠮᠡᠭᠲᠡᠶ ᠶᠢᠨ ᠰᠤᠷᠭᠠᠨ ᠬᠥᠮᠦᠵᠢᠯ ᠬᠦᠷᠲᠡᠬᠦ ᠵᠥᠷᠢᠶ᠎ᠡ ᠶᠢ ᠢᠯᠡᠳᠲᠡ ᠪᠠᠭᠠᠰᠬᠠᠵᠤ᠂ ᠡᠮᠡᠭᠲᠡᠶᠢᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠵᠠᠷᠴᠢᠮ ᠪᠠ ᠣᠶᠢᠯᠠᠭᠠᠭᠳᠠᠬᠤᠨ ᠢ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠳᠤ ᠠᠯᠬᠤᠮ ᠠᠯᠬᠤᠮ ᠢᠶᠠᠷ ᠠᠭᠤᠰᠤᠯᠴᠠᠭᠤᠯᠵᠤ᠂ ᠬᠦᠬᠡᠬᠤᠳᠠ ᠶᠢᠨ ᠡᠮᠡᠭᠲᠡᠶᠢᠴᠦᠳ ᠬᠡᠤᠬᠡᠳ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃      ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠥᠮᠦᠵᠢᠯ ᠤᠨ ᠱᠠᠲᠤᠨ ᠳᠤ ᠬᠦᠢᠰᠦ ᠶᠢᠨ ᠢᠯᠭᠠᠯ ᠠᠴᠠ ᠪᠤᠯᠵᠤ ᠢᠯᠡᠷᠡᠭᠰᠡᠨ ᠵᠥᠷᠢᠶ᠎ᠡ ᠶᠢ ᠠᠷᠢᠯᠭᠠᠪᠠ᠃ ᠮᠠᠨ ᠤ ᠬᠤᠲᠠ ᠳᠤ ᠨᠡᠶᠢᠲᠡ 405 ᠬᠡᠤᠬᠡᠳ ᠤᠨ ᠴᠡᠴᠡᠷᠯᠢᠭ ᠪᠣᠶ᠂ ᠡᠭᠦᠨ ᠳᠤ ᠬᠤᠲᠠ ᠶᠢᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 41᠂ ᠬᠥᠳᠡᠭᠡ ᠲᠣᠰᠬᠤᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 30 ᠪᠣᠶ︔ ᠴᠡᠴᠡᠷᠯᠢᠭ ᠲᠤ ᠪᠠᠶᠢᠭ᠎ᠠ ᠬᠡᠤᠬᠡᠳ ᠤᠨ ᠪᠥᠬᠦ ᠲᠤᠭ᠎ᠠ 6.9 ᠲᠦᠮᠡᠨ ᠬᠥᠮᠦᠨ ᠪᠠᠶᠢᠵᠤ᠂ ᠡᠭᠦᠨ ᠳᠤ ᠡᠮᠡᠭᠲᠡᠶ ᠬᠡᠤᠬᠡᠳ ᠤᠨ ᠡᠵᠡᠯᠡᠬᠦ ᠬᠠᠷᠢᠴᠠᠯ 48%᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠪᠥᠬᠦ ᠨᠣᠷᠮ᠎ᠠ 76.4 % ᠪᠠᠶᠢᠭᠰᠠᠨ ᠠᠴᠠ ᠪᠠᠨ 108.22% ᠪᠣᠯᠵᠣ ᠳᠡᠭᠡᠭᠰᠢᠯᠡᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠠᠬᠢ ᠬᠦᠢᠰᠦ ᠶᠢᠨ ᠢᠯᠭᠠᠯ ᠠᠴᠠ ᠪᠤᠯᠵᠤ ᠢᠯᠡᠷᠡᠭᠰᠡᠨ ᠵᠥᠷᠢᠶ᠎ᠡ ᠶᠢ ᠠᠷᠢᠯᠭᠠᠪᠠ᠃      ᠦᠨᠳᠦᠰᠦᠲᠡᠨ ᠤ ᠰᠤᠷᠭᠠᠨ ᠬᠥᠮᠦᠵᠢᠯ ᠢ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠣᠨᠴᠠᠭᠠᠢ ᠰᠤᠷᠭᠠᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠠ᠃ ᠮᠠᠨ ᠤ ᠬᠤᠲᠠ ᠶᠢᠨ ᠪᠠᠭ᠎ᠠ ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 3.77 ᠲᠦᠮᠡᠨ ᠬᠥᠮᠦᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 1.49 ᠲᠦᠮᠡᠨ ᠬᠥᠮᠦᠨ᠂ ᠲᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 1 ᠲᠦᠮᠡᠨ ᠬᠥᠮᠦᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 0.43 ᠲᠦᠮᠡᠨ ᠬᠥᠮᠦᠨ ᠪᠤᠢ᠃ ᠮᠠᠨ ᠤ ᠬᠤᠲᠠ ᠳᠤ ᠨᠡᠶᠢᠲᠡ 6 ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠲᠠᠢ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠭ᠎ᠠ 379 ᠬᠥᠮᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠡᠮᠳᠡᠭ ᠬᠡᠤᠬᠡᠳ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠭ᠎ᠠ 646 ᠬᠥᠮᠦᠨ᠂ ᠮᠥᠴᠢ ᠵᠡᠮᠳᠡᠭ ᠵᠢᠴᠢ ᠬᠥᠩᠭᠡᠪᠲᠦᠷ ᠣᠶᠤᠨ ᠤ ᠰᠠᠭᠠᠳ ᠲᠠᠢ ᠰᠣᠷᠣᠭᠴᠢᠳ ᠴᠥᠮ ᠡᠩ ᠤᠨ ᠰᠤᠷᠭᠠᠭᠤᠯᠢ ᠳᠤ ᠠᠩᠭᠢ ᠲᠠᠭᠠᠵᠤ ᠰᠤᠷᠤᠯᠴᠠᠵᠤ ᠪᠠᠶᠢᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠣᠳᠣᠬᠢ ᠪᠠᠶᠢᠳᠠᠯ ᠨᠢ ︽ᠬᠤᠶᠠᠷ ᠬᠥᠲᠥᠯᠪᠦᠷᠢ︾ ᠶᠢᠨ ᠰᠤᠷᠭᠠᠨ ᠬᠥᠮᠦᠵᠢᠯ ᠤᠨ ᠬᠠᠷᠠᠯᠲᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ ᠴᠢᠳᠠᠨ᠎ᠠ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠡᠮᠡᠭᠲᠡᠶ ᠰᠣᠷᠣᠭᠴᠢ ᠶᠢᠨ ᠬᠠᠷᠢᠴᠠᠯ ᠲᠣᠭᠲᠠᠭᠤᠨ ᠪᠠᠶᠢᠨ᠎ᠠ᠃ ᠪᠥᠬᠦ ᠬᠤᠲᠠ ᠳᠤ ᠨᠡᠶᠢᠲᠡ 203 ᠪᠠᠭ᠎ᠠ ᠰᠤᠷᠭᠠᠭᠤᠯᠢ ᠲᠠᠢ᠂ ᠰᠤᠷᠭᠠᠭᠤᠯᠢ ᠳᠤ ᠪᠠᠶᠢᠭ᠎ᠠ ᠰᠣᠷᠣᠭᠴᠢ 18.6 ᠲᠦᠮᠡ ᠪᠠᠶᠢᠵᠤ᠂ ᠡᠭᠦᠨ ᠳᠤ ᠡᠮᠡᠭᠲᠡᠶ ᠰᠣᠷᠣᠭᠴᠢ 48.4% ᠶᠢ ᠡᠵᠡᠯᠡᠵᠦ ᠪᠠᠶᠢᠨ᠎ᠠ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 53 ᠪᠠᠶᠢᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠭ᠎ᠠ 8.9 ᠲᠦᠮᠡ ᠳᠤ ᠬᠦᠷᠴᠦ᠂ ᠡᠭᠦᠨ ᠳᠤ ᠡᠮᠡᠭᠲᠡᠶ ᠰᠣᠷᠣᠭᠴᠢ 48.2% ᠢ ᠡᠵᠡᠯᠡᠵᠦ ᠪᠠᠶᠢᠨ᠎ᠠ᠃ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠤᠷᠤᠭᠰᠠᠨ ᠴᠡᠪᠡᠷ ᠨᠣᠷᠮ᠎ᠠ 107.71% ᠳᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ 109.8% ᠳᠤ ᠬᠦᠷᠴᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 95.99% ᠳᠤ ᠬᠥᠷᠪᠡ᠂ ᠡᠭᠦᠨ ᠳᠤ ᠡᠮᠡᠭᠲᠡᠶ ᠰᠣᠷᠣᠭᠴᠢ 96.64% ᠪᠠᠶᠢᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠡᠮᠡᠭᠲᠡᠶ ᠰᠣᠷᠣᠭᠴᠢ ᠶᠢᠨ ᠬᠠᠷᠢᠴᠠᠯ ᠲᠣᠭᠲᠠᠭᠤᠨ ᠪᠠᠶᠢᠳᠠᠯ ᠢᠶᠠᠨ ᠪᠠᠲᠤᠯᠠᠪᠠ᠃      ᠡᠮᠡᠭᠲᠡᠶᠢᠴᠦᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠨᠠᠩ ᠣᠯᠠᠨ ᠲᠤᠬᠢᠶᠠᠯ ᠪᠠ ᠡᠬᠢ ᠪᠠᠶᠠᠯᠢᠭ ᠲᠠᠢ ᠪᠣᠯᠵᠠᠶ᠃ ᠣᠳᠣᠬᠠᠨ ᠳᠤ᠂ ᠮᠠᠨ ᠤ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ 57 ᠪᠠᠶᠢᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠭ᠎ᠠ 3.2 ᠲᠦᠮᠡᠨ ᠬᠥᠮᠦᠨ ᠪᠤᠯᠵᠤ᠂ ᠡᠭᠦᠨ ᠳᠤ ᠡᠮᠡᠭᠲᠡᠶ ᠰᠣᠷᠣᠭᠴᠢ 42.83% ᠶᠢ ᠡᠵᠡᠯᠡᠵᠦ᠂ ᠠᠵᠢᠯ ᠣᠯᠭᠤᠯᠲᠠ ᠶᠢᠨ ᠪᠣᠯᠪᠠᠰᠤᠷᠠᠯ ᠤᠨ ᠲᠥᠪ ᠪᠠ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠠᠴᠠ ᠡᠷᠭᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠳᠣᠲᠣᠷ᠎ᠠ ᠡᠮᠡᠭᠲᠡᠶ ᠰᠣᠷᠣᠭᠴᠢ ᠶᠢᠨ ᠡᠵᠡᠯᠡᠬᠦ ᠬᠠᠷᠢᠴᠠᠯ 61.8% ᠶᠢ ᠡᠵᠡᠯᠡᠵᠦ ᠪᠠᠶᠢᠨ᠎ᠠ᠂ ᠶᠡᠷᠦᠩᠬᠡᠶ ᠳᠤᠨᠢ ᠠᠪᠴᠤ ᠦᠵᠡᠪᠡᠯ᠂ ᠡᠮᠡᠭᠲᠡᠶ ᠰᠣᠷᠣᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠭᠥᠷᠳᠡᠬᠦ ᠬᠤᠪᠢ ᠶᠢᠨ ᠵᠢᠩ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠣᠯᠵᠣ ᠪᠠᠶᠢᠨ᠎ᠠ᠃http://mongol.people.com.cn/15832550.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ