ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠲᠧᠯᠸᠢᠰ ᠤᠳᠠᠰᠤᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/15
                ᠸᠠᠩ ᠯᠢ ᠰᠢᠶᠠ ᠶᠠᠷᠢᠶ᠎ᠠ ᠲᠠᠯᠪᠢᠵᠤ ᠵᠠᠩ ᠪᠠᠢ ᠴᠧᠩ ᠶᠦᠨ ᠵᠢᠶᠠᠨ ᠳ᠋ᠦᠩ                 ᠰᠦᠨ ᠵᠢᠶᠠᠨ ᠬᠤᠸᠠ ᠯᠦᠸᠧ ᠴᠢᠩ ᠤᠷᠤᠯᠴᠠᠪᠠ      ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠲᠧᠯᠸᠢᠰ ᠤᠳᠠᠰᠤᠲᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ  ᠤᠨ ᠪᠠᠶᠢᠳᠠᠯ  ᠢ ᠵᠠᠳᠠᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠲᠠᠮᠵᠢᠭᠤᠯᠤᠨ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠨᠠᠩ ᠶᠡᠭᠡ ᠡᠷᠡᠰ ᠵᠣᠷᠢᠭ ᠪᠠ ᠡᠷᠴᠢ ᠬᠦᠴᠦᠨ ᠢᠶᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠠᠬᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠲᠡᠬᠦᠰ ᠠᠮᠵᠢᠯᠲᠠ ᠲᠠᠢ ᠪᠠᠷ ᠰᠡᠬᠦᠯ ᠬᠤᠷᠢᠶᠠᠬᠤ᠂ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠴᠢᠩᠭ᠎ᠠ ᠪᠠᠳᠤᠯᠠᠭ᠎ᠠ ᠬᠠᠩᠭᠠᠬᠤ ᠲᠠᠯ᠎ᠠ ᠪᠠᠷ ᠬᠦᠮᠦᠵᠢᠬᠦᠯᠦᠨ ᠬᠦᠳᠦᠯᠦᠨ ᠵᠢᠯᠤᠭᠤᠳᠴᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠵᠢᠭᠠᠬᠤ ᠳᠠᠭᠠᠨ᠂ ᠣᠶᠢᠷ᠎ᠠ ᠶᠢᠨ ᠬᠡᠳᠦᠨ ᠵᠢᠯ ᠳᠤ᠂ ᠮᠠᠨ ᠤ ᠬᠤᠲᠠ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠭᠡᠪᠡᠴᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠠᠷᠠᠭ᠎ᠠ᠂ ᠤᠷᠢᠳ ᠬᠤᠵᠢᠳ ᠶᠦᠨ ᠭᠤᠸᠠᠩ ᠵᠦᠩ᠂ ᠰᠠᠶᠢᠨᠴᠡᠩᠬᠡᠯ᠂ ᠯᠢ ᠵᠢᠶᠠᠨ ᠫᠢᠩ ᠵᠡᠷᠭᠡ ᠺᠠᠳ᠋ᠷ ᠪᠠᠶᠢᠴᠠᠭᠠᠭᠳᠠᠨ ᠰᠢᠢᠳᠭᠡᠭᠳᠡᠵᠦ᠂ ᠡᠳᠡᠭᠡᠷ ᠺᠠᠳ᠋ᠷ ᠤᠨ ᠤᠯᠤᠰ ᠲᠥᠷᠥ ᠶᠢᠨ ᠠᠮᠢ ᠠᠬᠤᠶ ᠳᠤ ᠤᠴᠠᠷᠠᠭᠤᠯᠤᠭᠰᠠᠨ ᠬᠤᠤᠷ ᠬᠥᠨᠥᠭᠡᠯ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠤᠴᠠᠷᠠᠭᠤᠯᠤᠭᠰᠠᠨ ᠮᠠᠭᠤ ᠨᠥᠯᠥᠭᠡ ᠨᠢ ᠯᠤᠲᠤ ᠶᠡᠭᠡ  ᠪᠠᠶᠢᠵᠤ᠂ ᠣᠬᠤᠷᠬᠠᠨ ᠬᠤᠭᠤᠴᠠᠭᠠᠨ ᠳᠤ ᠰᠡᠷᠭᠦᠭᠡᠬᠦ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ ᠭᠡᠵᠡᠢ  ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠡᠷᠬᠡᠪᠰᠢ ᠪᠠᠶᠢᠳᠠᠯ ᠢ ᠲᠣᠳᠣᠷᠬᠠᠢ ᠲᠠᠨᠢᠵᠤ᠂ ᠤᠳᠠᠭᠠᠨ ᠲᠠᠭᠠᠭᠠᠮᠠᠭᠠᠢ ᠪᠠᠷ ᠬᠦᠴᠦᠯᠡᠨ ᠴᠢᠷᠮᠠᠶᠢᠵᠤ᠂ ᠡᠷᠡᠰ ᠪᠠᠲᠤ ᠴᠢᠩᠭ᠎ᠠ ᠠᠳᠬᠤᠬᠤ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠪᠦᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠮᠠᠨ ᠤ ᠬᠤᠲᠠ ᠶᠢᠨ ᠢᠯᠵᠠᠷᠠᠯ ᠤᠨ  ᠦᠯᠡᠳᠡᠭᠳᠡᠯ ᠮᠠᠰᠢ ᠶᠡᠭᠡ ᠪᠠᠶᠢᠭᠰᠠᠭᠠᠷ᠂ ᠨᠡᠮᠡᠭᠳᠡᠯ ᠮᠥᠨ ᠬᠦ ᠭᠠᠷᠴᠤ ᠢᠷᠡᠵᠦ ᠪᠠᠶᠢᠨ᠎ᠠ᠂ ᠦᠯᠡᠳᠡᠭᠳᠡᠯ ᠶᠢ ᠪᠠᠭᠠᠰᠬᠠᠵᠤ ᠨᠡᠮᠡᠭᠳᠡᠯ ᠢ ᠬᠤᠷᠢᠭᠯᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠥᠭᠡᠳ ᠨᠦᠰᠡᠷ ᠬᠦᠨᠳᠦ  ᠪᠠᠶᠢᠭᠰᠠᠭᠠᠷ  ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠡᠷᠦᠩᠬᠡᠢ ᠳᠡᠭᠡᠨ ᠰᠠᠶᠢᠵᠢᠷᠠᠭᠰᠠᠨ ᠪᠣᠯᠪᠠᠴᠤ  ᠭᠤᠤᠯᠲᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠡᠮᠬᠢ ᠵᠠᠮᠪᠠᠷᠠᠭ᠎ᠠ ᠦᠭᠡᠢ ᠪᠠᠶᠢᠳᠠᠯ ᠤᠯᠠᠨ ᠪᠠᠶᠢᠵᠤ᠂ ᠭᠤᠣᠯᠳᠠᠯᠭ᠎ᠠ ᠲᠠᠢ ᠭᠤᠭᠴᠣᠭᠠᠨ ᠳᠤ ᠠᠷᠢᠭᠤᠨ ᠴᠢᠬᠡᠴᠢ ᠶᠢᠨ ᠠᠶᠤᠯ ᠲᠦᠭᠰᠢᠭᠦᠷᠢ  ᠲᠥᠪᠯᠡᠷᠡᠭᠰᠡᠨ ᠨᠢ ᠮᠥᠨ ᠯᠡ ᠨᠡᠯᠢᠶᠡᠳ ᠲᠤᠪᠤᠶᠢᠮ᠎ᠠ ᠪᠠᠶᠢᠨ᠎ᠠ᠃ ᠺᠠᠳ᠋ᠷ ᠤᠨ ᠰᠤᠷᠲᠠᠯ ᠤᠨ ᠠᠷᠬᠠᠭ ᠬᠡᠮ ᠡᠳᠡᠭᠡᠷᠡᠬᠦ ᠦᠭᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠴᠠᠭᠠᠵᠠᠯᠠᠭᠰᠠᠨ ᠴᠤ ᠤᠷᠤᠰᠢᠭᠰᠠᠭᠠᠷ᠂ ᠰᠤᠷᠲᠠᠯ ᠤᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠮᠥᠨ ᠬᠦ ᠠᠮᠠᠷᠬᠠᠨ ᠡᠭᠦᠰᠴᠦ ᠣᠯᠠᠨ ᠡᠭᠦᠰᠴᠦ᠂ ᠪᠥᠬᠦ ᠲᠠᠯ᠎ᠠ ᠪᠠᠷ ᠨᠠᠮ ᠢ  ᠴᠢᠩᠭ᠎ᠠ ᠵᠠᠰᠠᠬᠤ ︽ᠡᠴᠦᠰ ᠤᠨ ᠨᠢᠭᠡ ᠮᠧᠲᠷ︾ ᠢ ᠮᠥᠨ ᠬᠦ ᠬᠦᠴᠦᠯᠡᠨ ᠨᠡᠪᠲᠡᠷᠡᠭᠦᠯᠬᠦ ᠴᠢᠬᠤᠯᠠᠳᠠᠢ ᠪᠠᠶᠢᠨ᠎ᠠ᠃ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠤᠯᠤᠰ ᠲᠥᠷᠥ ᠶᠢ ᠡᠷᠬᠢᠮᠯᠡᠬᠦ ᠦᠭᠡᠶ᠂ ᠬᠦᠰᠡᠯᠡᠩ ᠢᠲᠡᠭᠡᠯ ᠪᠢᠰᠢᠷᠡᠯ ᠮᠠᠭᠤᠳᠠᠵᠤ᠂ ᠠᠷᠠᠳ ᠲᠦᠮᠡᠨ ᠤ ᠵᠣᠭᠰᠣᠯᠲᠠ ᠪᠠᠨ ᠠᠯᠳᠠᠬᠤ ᠪᠠ ᠡᠷᠬᠡ ᠶᠢ ᠤᠨᠳᠤᠤᠰᠢᠭᠤᠯᠤᠨ ᠳᠤᠷ᠎ᠠ ᠪᠠᠷ ᠢᠶᠠᠨ ᠬᠡᠷᠡᠭᠯᠡᠬᠦ ᠶᠢᠨ ᠬᠤᠤᠷ ᠬᠥᠨᠥᠭᠡᠯᠲᠦ ᠴᠢᠨᠠᠷ ᠢ ᠭᠦᠨᠵᠡᠭᠡᠶ ᠡᠷᠭᠢᠴᠡᠭᠦᠯᠦᠨ ᠪᠣᠳᠣᠵᠤ᠂ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠵᠤ᠂ ᠡᠷᠬᠡ  ᠪᠠᠨ ᠵᠢᠷᠤᠮᠵᠢᠭᠤᠨ  ᠬᠡᠷᠡᠭᠯᠡᠵᠦ᠂ ᠡᠷᠬᠡ ᠪᠠᠨ ᠠᠷᠢᠭᠤᠨ ᠴᠢᠬᠡᠴᠢ ᠪᠠᠷ  ᠬᠡᠷᠡᠭᠯᠡᠬᠦ ᠶᠢ  ᠪᠡᠶᠡᠯᠡᠭᠦᠯᠬᠦ ᠬᠡᠷᠡᠭᠲᠡᠢ ᠭᠡᠵᠡᠢ᠃ ᠸᠠᠩ ᠯᠢ ᠰᠢᠶᠠ ᠴᠢᠬᠤᠯᠠᠴᠢᠯᠠᠬᠤ ᠳᠠᠭᠠᠨ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ  ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ  ᠵᠢᠱᠢᠶ᠎ᠡ ᠦᠵᠡᠭᠦᠯᠬᠦ ᠠᠵᠢᠯ ᠢ ᠰᠠᠶᠢᠳᠤᠷ ᠬᠢᠵᠦ᠂ ᠰᠠᠶᠢᠨ ᠳᠠᠭᠤᠷᠢᠶᠠᠯ ᠪᠤᠯᠵᠤ᠂ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠤᠬᠠᠮᠰᠠᠷ ᠠᠴᠠ ᠪᠠᠨ ᠰᠤᠷᠲᠠᠯ ᠢᠶᠠᠨ ᠰᠠᠶᠢᠵᠢᠷᠠᠭᠤᠯᠵᠤ᠂ ᠤᠬᠠᠮᠰᠠᠷ ᠠᠴᠠ ᠪᠠᠨ ᠪᠡᠶ᠎ᠡ ᠪᠠᠨ ᠵᠠᠰᠠᠵᠤ ᠶᠣᠰᠣ ᠰᠤᠷᠲᠠᠬᠤᠨ ᠢ ᠬᠦᠮᠦᠵᠢᠭᠦᠯᠵᠦ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠲᠡᠶ ᠭᠡᠵᠡᠢ᠃      ᠬᠤᠷᠠᠯ ᠠᠴᠠ ᠪᠠᠰᠠ ᠤᠯᠠᠨ ᠢ ᠵᠤᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ  ︽ᠤᠭ ᠰᠠᠨᠠᠭᠠᠨ ᠤ ᠬᠤᠪᠢᠷᠠᠯ ᠤᠨ ᠰᠡᠷᠡᠮᠵᠢ ᠶᠢᠨ ᠲᠡᠮᠳᠡᠭᠯᠡᠯ︾ ᠢ ᠥᠵᠡᠵᠡᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠦᠸᠧ ᠴᠢᠩ ᠬᠤᠷᠠᠯ ᠳᠤ ᠣᠷᠣᠯᠴᠠᠵᠤ᠂ ᠪᠠᠢ ᠶᠦᠩ ᠫᠢᠩ ᠬᠤᠷᠠᠯ ᠢ ᠡᠷᠬᠢᠯᠡᠪᠡ᠃ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号