ᠸᠠᠩ ᠯᠢ ᠰᠢᠶᠠ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠳᠠ ᠶᠢᠨ ᠲᠥᠪ ᠤᠨ ᠱᠠᠰᠢᠨ ᠰᠤᠷᠲᠠᠬᠤᠨ ᠤ ᠠᠵᠢᠯ ᠤᠨ ᠰᠢᠮᠳᠠᠭᠤᠯᠤᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠤᠨ ᠭᠤᠣᠯᠳᠠᠯᠭ᠎ᠠ ᠲᠠᠢ  ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ ︽ᠬᠤᠶᠠᠷ ᠢ ᠬᠠᠮᠠᠭᠠᠯᠠᠬᠤ︾ ᠦᠨᠳᠦᠷᠴᠡ ᠠᠴᠠ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠠᠵᠢᠯ ᠢ ᠠᠬᠢᠭᠤᠯᠵᠤ ᠤᠯᠠᠨ ᠨᠠᠮ ᠬᠠᠮᠲᠤᠷᠠᠨ ᠠᠵᠢᠯᠯᠠᠬᠤ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠬᠦᠯᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/12/15
                     ᠵᠠᠩ ᠪᠠᠢ ᠴᠧᠩ ᠰᠦᠨ ᠵᠢᠶᠠᠨ ᠬᠤᠸᠠ ᠨᠠᠷ ᠣᠷᠣᠯᠴᠠᠵᠠᠢ      ︵ᠰᠤᠷᠪᠤᠯᠵᠢᠯᠠᠭᠴᠢ ᠹᠧᠩ ᠶᠠᠨ ᠫᠢᠩ᠂ ᠯᠢ ᠬᠠᠢ ᠵᠧᠨ︶ 12  ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠤᠳᠠᠭᠠᠨ ᠤ ᠬᠤᠷᠠᠯ᠂ ᠬᠤᠲᠠ ᠶᠢᠨ ᠲᠥᠪ ᠤᠨ ᠱᠠᠰᠢᠨ ᠰᠤᠷᠲᠠᠬᠤᠨ ᠤ ᠠᠵᠢᠯ ᠤᠨ ᠰᠢᠮᠳᠠᠭᠤᠯᠤᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠤᠨ 2020 ᠣᠨ  ᠤ 1 ᠳ᠋ᠤᠭᠡᠷ ᠤᠳᠠᠭ᠎ᠠ ᠶᠢᠨ ᠬᠤᠷᠠᠯ ᠵᠢᠴᠢ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠤᠨ ᠭᠤᠤᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ  ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠯᠪᠤᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠳᠠᠷᠠᠭᠠᠴᠢ ᠶᠢᠨ ᠱᠠᠳᠤᠨ ᠤ ᠠᠵᠢᠯ ᠢ ᠰᠤᠳᠤᠯᠤᠨ  ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠡᠷᠭᠡᠭ ᠲᠠᠨᠢᠯᠲᠠ ᠲᠠᠢ ᠪᠠᠶᠢᠵᠤ᠂ ︽ᠬᠤᠶᠠᠷ ᠢ ᠬᠠᠮᠠᠭᠠᠯᠠᠬᠤ︾ ᠦᠨᠳᠦᠷᠴᠡ ᠳᠡᠭᠡᠷ᠎ᠡ ᠵᠣᠭᠰᠣᠵᠤ᠂ ᠱᠠᠰᠢᠨ ᠰᠤᠷᠲᠠᠬᠤᠨ ᠤ ᠠᠵᠢᠯ ᠪᠠ ᠦᠨᠳᠦᠰᠦᠲᠡᠨ ᠤ ᠠᠵᠢᠯ ᠤᠨ ᠳᠤᠮᠳᠠᠬᠢ ᠠᠰᠠᠭᠤᠳᠠᠯ ᠢ ᠭᠦᠨᠵᠡᠭᠡᠶ ᠡᠷᠭᠢᠴᠡᠭᠦᠯᠦᠨ ᠪᠣᠳᠣᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ ᠪᠠᠰᠠ ᠨᠢᠭᠡᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠢᠮᠠᠭᠲᠠ ︽ᠬᠤᠶᠠᠷ ᠢ ᠬᠠᠮᠠᠭᠠᠯᠠᠬᠤ︾ ᠦᠨᠳᠦᠷᠴᠡ ᠳᠡᠭᠡᠷ᠎ᠡ ᠵᠣᠭᠰᠣᠵᠤ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠮᠦᠰ ᠤᠨ ᠰᠡᠳᠬᠢᠯ ᠢ ᠤᠯᠵᠤ᠂ ᠬᠦᠮᠦᠰ ᠤᠨ ᠰᠡᠳᠬᠢᠯ ᠢ ᠲᠤᠯᠠᠭᠠᠯᠠᠬᠤ  ᠠᠵᠢᠯ ᠢ ᠦᠨᠡᠨ ᠰᠡᠳᠬᠢᠯ ᠠᠴᠠ ᠪᠠᠨ ᠬᠦᠴᠦ ᠤᠷᠤᠭᠤᠯᠤᠨ ᠴᠢᠷᠮᠠᠶᠢᠨ ᠰᠠᠶᠢᠳᠤᠷ ᠭᠢᠵᠦ᠂ ᠡᠬᠡ ᠣᠷᠣᠨᠴᠢ ᠨᠢᠭᠡᠳᠦᠮᠡᠯ ᠹᠷᠣᠨᠲ ᠤᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠦᠨᠡᠨᠬᠦ ᠪᠠᠬᠢᠵᠢᠭᠦᠯᠵᠦ᠂ ᠣᠳᠣᠬᠢᠴᠢᠯᠠᠭᠰᠠᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠳᠦᠮᠡᠯ ᠹᠷᠣᠨᠲ ᠤᠨ ᠬᠦᠴᠦᠨ ᠢ ᠨᠢᠭᠲᠠᠷᠠᠭᠤᠯᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠴᠢᠳᠠᠪᠤᠷᠢ ᠪᠠᠨ ᠲᠡᠭᠡᠭᠰᠢᠯᠡᠭᠦᠯᠵᠦ᠂ ᠢᠮᠠᠭᠲᠠ ᠴᠤ᠋  ᠰᠢᠨ᠎ᠡ  ᠲᠥᠷᠢ ᠪᠠᠶᠢᠳᠠᠯ ᠢᠶᠠᠷ ᠨᠢᠭᠡᠳᠦᠮᠡᠯ ᠹᠷᠣᠨᠲ ᠤᠨ ᠠᠵᠢᠯ ᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠢ ᠪᠠᠬᠢᠵᠢᠭᠦᠯᠬᠦ ᠨᠡᠩ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ ᠭᠡᠵᠡᠢ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ᠂ ᠬᠤᠲᠠ ᠶᠢᠨ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠲᠥᠯᠦᠭᠡᠯᠡᠭᠴᠢ ᠬᠥᠮᠦᠰ  ᠲᠥᠪ ᠬᠤᠲᠠ ᠶᠢᠨ ᠭᠤᠣᠯ ᠠᠵᠢᠯ ᠤᠨ ᠲᠣᠭᠤᠷᠢᠨ ᠳᠤ ᠠᠮᠢ ᠠᠬᠤᠶ᠂ ᠰᠤᠷᠭᠠᠨ ᠬᠥᠮᠦᠵᠢᠯ᠂ ᠬᠤᠳᠠᠯᠳᠤᠭ᠎ᠠ  ᠡᠵᠡᠩᠨᠡᠬᠦ ᠣᠷᠴᠢᠨ ᠨᠦᠬᠦᠴᠡᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ  ᠂ ᠭᠤᠤᠯᠳᠠᠯᠭ᠎ᠠ ᠲᠠᠢ ᠠᠵᠢᠯ ᠤᠨ  ᠲᠤᠬᠠᠢ  ᠬᠤᠯᠪᠤᠭᠳᠠᠯ ᠪᠦᠬᠦᠢ ᠰᠡᠳᠦᠪ ᠤᠨ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠬᠦᠯᠵᠦ᠂ ᠨᠢᠭᠡ ᠪᠦᠯᠦᠭ ᠴᠢᠬᠤᠯᠠ ᠦᠷ᠎ᠡ ᠪᠦᠲᠦᠭᠡᠯ ᠣᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ  ᠬᠠᠩᠭᠠᠵᠠᠢ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠰᠤᠳᠤᠯᠤᠨ᠂ ᠲᠥᠷᠥ ᠶᠢᠨ ᠪᠣᠳᠣᠯᠭ᠎ᠠ ᠲᠣᠭᠲᠠᠭᠠᠵᠤ᠂ ᠠᠷᠭ᠎ᠠ ᠬᠡᠮᠵᠢᠶ᠎ᠡ   ᠭᠠᠷᠭᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ  ᠪᠦᠳᠦᠭᠡᠯ ᠢ ᠦᠨᠡᠨᠬᠦ ᠪᠦᠲᠦᠮᠵᠢᠲᠡᠶ ᠤᠯᠠᠷᠢᠭᠤᠯᠤᠨ  ᠨᠠᠶᠢᠳᠠᠪᠤᠷᠢᠵᠢᠭᠤᠯᠵᠤ᠂ ᠦᠨᠡᠨᠬᠦ  ᠦᠢᠯᠡᠳᠦᠯ ᠢ ᠨᠢ ᠪᠠᠳᠠᠷᠠᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠡᠯᠪᠡᠷᠢ ᠶᠢᠨ ᠲᠥᠷᠥ ᠶᠢᠨ ᠨᠠᠮ ᠤᠨ ᠳᠦᠷᠢᠮ  ᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠨ ᠬᠥᠭᠵᠢᠭᠦᠯᠵᠦ᠂ ᠣᠯᠠᠨ ᠨᠠᠮ ᠬᠠᠮᠲᠤᠷᠠᠨ ᠠᠵᠢᠯᠯᠠᠬᠤ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠤᠯᠠᠮ  ᠴᠢᠨᠠᠭᠰᠢᠲᠠ  ᠪᠠᠬᠢᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ  ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ  ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠥᠷᠥ ᠶᠢᠨ ᠨᠠᠮ ᠤᠨ ᠵᠥᠪᠳᠡᠯᠴᠡᠭᠡᠨ ᠤ ᠲᠤᠬᠠᠶ ᠨᠠᠮ ᠤᠨ ᠤᠳᠤᠷᠢᠳᠤᠯᠭ᠎ᠠ ᠶᠢ ᠴᠢᠩᠭᠠᠳᠬᠠᠨ  ᠲᠡᠭᠦᠯᠳᠡᠷᠵᠢᠬᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠦᠰ ᠤᠨ  ᠡᠭᠦᠷᠭᠡ ᠬᠠᠷᠢᠭᠤᠴᠠᠯᠭ᠎ᠠ ᠪᠠᠨ  ᠬᠦᠢᠴᠡᠳᠭᠡᠬᠦ ᠳᠤ ᠴᠢᠬᠤᠯᠠ  ᠪᠦᠬᠦᠢ ᠪᠠᠲᠤᠯᠠᠭ᠎ᠠ ᠬᠠᠩᠭᠠᠵᠤ᠂  ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠳᠤ   ᠨᠢ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ ᠭᠡᠵᠡᠢ᠃      ᠬᠤᠲᠠ ᠶᠢᠨ ᠤᠳᠤᠷᠢᠳᠤᠯᠭ᠎ᠠ ᠵᠠᠩ  ᠪᠠᠢ ᠴᠧᠩ᠂ ᠰᠦᠨ ᠵᠢᠶᠠᠨ ᠬᠤᠸᠠ᠂ ᠭᠠᠩ ᠪᠦᠬᠡ᠂ ᠶᠦᠨ ᠬᠠᠶ᠂ ᠪᠠᠶ ᠶᠦᠩ ᠫᠢᠩ᠂ ᠡᠤ ᠸᠧᠨ ᠮᠢᠩ᠂  ᠰᠡᠴᠡᠨᠪᠢᠯᠢᠭ᠂ ᠮᠠᠤ ᠪᠦᠦ ᠹᠧᠩ᠂ ᠶᠦᠨ ᠰᠢᠨ ᠮᠢᠩ᠂ ᠶᠦᠨ ᠺᠦᠶ ᠵᠢᠴᠢ  ᠬᠤᠯᠪᠤᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号