ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠪ ᠤᠨ ᠡᠳ᠋ ᠤᠨ ᠵᠠᠰᠠᠭ ᠤᠨ ᠰᠢᠭᠤᠳ ᠬᠦᠷᠭᠦ ᠪᠠᠯᠠ ᠮᠥᠩᠭᠦ ᠶᠢ 443.6 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020/12/15
     ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠶᠠᠩ ᠹᠠᠨ︶ ᠡᠨᠡ ᠵᠢᠯ ᠠᠴᠠ ᠨᠠᠰᠢ᠂ 11 ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠪ ᠤᠨ ᠡᠳ᠋ ᠤᠨ ᠵᠠᠰᠠᠭ ᠤᠨ ᠬᠤᠪᠢᠶᠠᠷᠢᠯᠠᠭᠰᠠᠨ ᠰᠢᠭᠤᠳ ᠬᠦᠷᠭᠦ 443.6 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠦᠭᠦᠨ ᠢ ᠪᠠᠭᠤᠯᠭᠠᠵᠤ᠂ ᠰᠢᠭᠤᠳ ᠬᠦᠷᠭᠡᠬᠦ ᠲᠣᠭᠲᠠᠴᠠ ᠪᠠᠷ ᠲᠠᠮᠵᠢᠭᠤᠯᠤᠨ ᠨᠠᠮ ᠤᠨ ᠠᠷᠠᠳ ᠤᠨ ᠠᠮᠢᠳᠤᠷᠠᠯ ᠳᠤ ᠬᠦᠷᠲᠡᠭᠡᠭᠰᠡᠨ ᠪᠤᠶᠠᠨ ᠬᠡᠰᠢᠭ ᠢ ᠲᠡᠷᠡ ᠳᠠᠷᠤᠶ ᠳᠤᠨᠢ ᠠᠷᠠᠳ ᠣᠯᠠᠨ ᠤ ᠳᠡᠷᠭᠡᠳᠡ ᠬᠦᠷᠭᠡᠪᠡ᠃      ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠪᠠᠶᠢᠩᠭᠤ ᠪᠦᠭᠡᠳ ᠪᠦᠲᠦᠮᠵᠢᠲᠡᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠠᠷᠤᠳᠠᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠬᠤᠷᠢᠬᠯᠠᠬᠤ ᠨᠥᠬᠦᠪᠥᠷᠢ ᠪᠠᠯᠠ ᠮᠥᠩᠭᠦ ᠶᠢ ᠨᠡᠶᠢᠲᠡ 31.7 ᠳ᠋ᠦᠩᠰᠢᠭᠤᠷ ᠲᠥᠭᠦᠷᠢᠭ ᠪᠠᠭᠤᠯᠭᠠᠵᠤ᠂ ᠭᠤᠤᠯᠳᠠᠭᠤ ᠡᠪᠡᠳᠴᠢᠲᠡᠨ ᠢ ᠠᠪᠤᠷᠠᠨ ᠵᠠᠰᠠᠬᠤ᠂ ᠬᠢᠵᠢᠭ ᠢ ᠰᠡᠷᠭᠡᠶᠢᠯᠡᠨ ᠬᠤᠷᠢᠬᠯᠠᠬᠤ ᠬᠥᠮᠦᠰ ᠲᠤ ᠨᠥᠬᠦᠪᠥᠷᠢ ᠥᠭᠬᠦ᠂ ᠡᠳ᠋ ᠪᠣᠳᠠᠰ ᠨᠥᠭᠡᠴᠡᠯᠡᠬᠦ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠳᠤ ᠬᠡᠷᠡᠭᠯᠡᠪᠡ᠃      ᠣᠯᠠᠨ ᠲᠦᠮᠡᠨ ᠢ ᠬᠠᠪᠰᠤᠷᠤᠨ ᠲᠡᠳᠬᠦᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠡᠭᠦᠷᠭᠡ ᠪᠣᠯᠭᠠᠵᠤ᠂ ᠪᠠᠯᠠ ᠮᠥᠩᠭᠦ ᠶᠢᠨ ᠰᠢᠭᠤᠳ ᠬᠥᠷᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠳᠣᠭᠢᠷᠠᠭᠤᠯᠵᠤ᠂ ᠠᠵᠢᠯ ᠣᠯᠭᠤᠯᠲᠠ ᠶᠢᠨ ᠲᠠᠨᠢᠯᠴᠠᠭᠤᠯᠭ᠎ᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠤᠯᠬᠤ ᠳᠤ ᠬᠦᠴᠢᠷᠲᠡᠶ ᠭᠤᠤᠯᠳᠠᠯᠭ᠎ᠠ ᠲᠠᠢ ᠬᠥᠮᠦᠰ ᠢ ᠬᠠᠪᠰᠤᠷᠤᠨ ᠠᠵᠢᠯ ᠣᠯᠭᠤᠵᠤ᠂ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃      ᠠᠵᠤ ᠠᠬᠤᠶᠢᠯᠠᠯ ᠢ ᠳᠡᠮᠵᠢᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠪᠠ᠃ ᠮᠠᠨ ᠤ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠦᠨᠡᠨ ᠬᠦ ᠪᠦᠲᠦᠮᠵᠢᠲᠡᠶ ᠳᠡᠮᠵᠢᠬᠦ ᠶᠢᠨ ᠲᠥᠯᠥᠭᠡ᠂ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠯᠠ ᠮᠥᠩᠭᠦ ᠶᠢ ᠨᠡᠶᠢᠲᠡ 5.7 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠭᠤᠤᠯᠳᠠᠭᠤ ᠵᠢᠭᠡᠯᠡᠯᠭᠡ ᠶᠢᠨ ᠳᠠᠮ ᠬᠦᠤ ᠥᠭᠬᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠨᠥᠬᠦᠪᠥᠷᠢ ᠥᠭᠬᠦ ᠵᠡᠷᠭᠡ ᠵᠠᠷᠤᠯᠭ᠎ᠠ ᠳᠤ ᠬᠡᠷᠡᠭᠯᠡᠵᠦ᠂ ᠬᠦᠴᠢᠷᠳᠡᠯ ᠢ ᠰᠢᠢᠳᠪᠦᠷᠢᠯᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠲᠦᠭᠡᠮᠡᠯ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠢᠴᠡᠳ ᠡᠳ᠋ᠯᠡᠭᠦᠯᠪᠡ᠃      ᠡᠳ᠋ ᠤᠨ ᠬᠦᠴᠦᠨ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠲᠤᠯᠠᠪᠠ᠃ ᠮᠠᠨ ᠤ ᠣᠷᠣᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠴᠠᠬᠤ ᠶᠢ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠰᠢᠭᠤᠳ ᠬᠠᠮᠢᠶᠠᠷᠴᠤ ᠪᠠᠶᠢᠭ᠎ᠠ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ ᠲᠣᠬᠢᠷᠠᠭᠤᠯᠵᠤ᠂ ᠶᠠᠳᠠᠭᠤ ᠶᠢ ᠲᠡᠳᠬᠦᠬᠦ ᠦᠢᠯᠡᠳᠪᠦᠷᠢᠯᠡᠯ ᠤᠨ ᠬᠥᠭᠵᠢᠯᠲᠡ ᠪᠠ ᠶᠠᠳᠠᠭᠤ ᠬᠦᠴᠢᠷᠳᠡᠯᠲᠡᠶ ᠭᠠᠴᠠᠭᠠᠨ ᠤ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠭᠤᠤᠯᠳᠠᠯᠭ᠎ᠠ ᠲᠠᠢ ᠬᠡᠷᠡᠭᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠵᠢᠯ ᠣᠯᠭᠤᠯᠲᠠ ᠶᠢ ᠪᠦᠲᠦᠮᠵᠢᠲᠡᠶ ᠳᠠᠶᠢᠴᠢᠯᠠᠨ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃      ᠪᠡᠯᠡ ᠮᠥᠩᠭᠦ ᠶᠢ ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠪᠠ᠃ ᠦᠨᠳᠦᠰᠦᠨ ᠱᠠᠲᠤᠨ ᠤ ᠬᠢᠨ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠠᠴᠠ ᠪᠤᠯᠵᠤ ᠣᠷᠣᠯᠭ᠎ᠠ ᠨᠢ ᠪᠠᠭᠠᠰᠪᠠ᠂ ᠰᠢᠭᠤᠳ ᠬᠦᠷᠭᠡᠬᠦ ᠲᠣᠭᠲᠠᠴᠠ ᠨᠢ ᠰᠢᠨ᠎ᠠ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢ ᠤᠷᠤᠨ ᠨᠤᠳᠤᠬ ᠲᠤ ᠰᠢᠯᠵᠢᠭᠦᠯᠦᠨ ᠦᠭᠴᠦ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠬᠤᠶᠢᠰᠢᠳᠠ ᠶᠢᠨ ᠵᠣᠪᠠᠨᠢᠯ ᠢ ᠪᠦᠲᠦᠮᠵᠢᠲᠡᠢ ᠨᠠᠮᠳᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠠᠲᠤᠯᠠᠪᠠ᠃      ᠭᠤᠤᠯᠳᠠᠯᠭ᠎ᠠ ᠶᠢ ᠳᠣᠪᠤᠶᠢᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠪᠠ᠃ ᠲᠥᠪ ᠠᠴᠠ ᠬᠢᠵᠢᠭ ᠲᠠᠢ ᠲᠡᠮᠡᠴᠡᠬᠦ ᠤᠯᠤᠰ ᠤᠨ ᠣᠨᠴᠠᠭᠠᠢ ᠵᠢᠭᠡᠯᠡᠯᠭᠡ ᠶᠢ ᠨᠢᠭᠡᠳᠦᠯᠲᠡᠢ ᠲᠠᠷᠬᠠᠭᠠᠵᠤ᠂ ᠪᠦᠬᠦᠨ ᠢ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠢᠵᠢᠭ ᠲᠠᠢ ᠲᠡᠮᠡᠴᠡᠬᠦ ᠵᠠᠷᠤᠯᠭ᠎ᠠ ᠳᠤ ᠬᠡᠷᠡᠭᠯᠡᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠵᠢᠭ ᠲᠠᠢ ᠲᠡᠮᠡᠴᠡᠬᠦ ᠤᠯᠤᠰ ᠤᠨ ᠣᠨᠴᠠᠭᠠᠶ ᠵᠢᠭᠡᠯᠡᠯᠭᠡ ᠶᠢᠨ ᠪᠠᠯᠠ ᠮᠥᠩᠭᠦ ᠶᠢ ᠨᠡᠶᠢᠲᠡ 103.9 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠵᠠᠮ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠳᠤ ᠭᠤᠤᠯᠳᠠᠯᠭ᠎ᠠ ᠲᠠᠢ ᠬᠡᠷᠡᠭᠯᠡᠵᠦ᠂ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ᠂ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃http://mongol.people.com.cn/15832627.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号