︽ᠠᠷᠪᠠᠨ ᠭᠤᠷᠪᠠᠳᠤᠭᠠᠷ ᠲᠠᠪᠤᠨ ᠵᠢᠯ︾  ᠤᠨ ᠬᠤᠭᠤᠴᠠᠭᠠᠨ ᠳᠤ ᠲᠥᠪ ᠤᠨ ᠡᠳ᠋ ᠤᠨ ᠵᠠᠰᠠᠭ ᠠᠴᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠨᠥᠬᠦᠪᠥᠷᠢ ᠶᠢᠨ ᠲᠥᠷᠥᠯ ᠵᠦᠢᠯ ᠢ 2000 ᠭᠠᠷᠤᠶ ᠬᠡᠷᠡᠭᠵᠢᠭᠦᠯᠪᠡ
ᠨᠡᠶᠢᠲᠡᠯᠡᠭᠰᠡᠨ ᠴᠠᠭ᠄
2020/12/15
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 12 ᠰᠠᠷ᠎ᠠ ᠶᠢᠨ 13 ᠤ ᠡᠳᠦᠷ ᠤᠨ ᠮᠡᠳᠡᠭᠡ ︵ ᠰᠤᠷᠪᠤᠯᠵᠢᠯᠠᠬᠴᠢ ᠺᠸᠤ ᠵᠢᠶᠠᠩ ᠽᠧ︶ ᠰᠤᠷᠪᠤᠯᠵᠢᠯᠠᠭᠴᠢ ᠲᠦᠷᠦᠭᠦᠬᠡᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠄ ︽ᠠᠷᠪᠠᠨ ᠭᠤᠷᠪᠠᠳᠤᠭᠠᠷ ᠲᠠᠪᠤᠨ ᠵᠢᠯ︾  ᠤᠨ  ᠬᠤᠭᠤᠴᠠᠭᠠᠨ ᠳᠤ᠂ ᠮᠠᠨ ᠤ ᠤᠯᠤᠰ ᠨᠤᠭᠤ ᠭᠠᠵᠠᠷ ᠤᠨ ᠬᠠᠮᠢᠶᠠᠷᠤᠯᠲᠠ ᠶᠢᠨ ᠦᠵᠦ ᠲᠥᠯᠥᠪᠯᠡᠭᠡ ᠶᠢ ᠦᠷᠭᠦᠯᠵᠢᠯᠡᠨ ᠴᠢᠩᠭᠠᠳᠬᠠᠵᠤ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠵᠤ᠂ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠰᠢᠨ᠎ᠡ ᠪᠠᠷ 201 ᠪᠠᠶᠢᠭᠤᠯᠵᠤ᠂ ᠲᠥᠪ ᠤᠨ ᠡᠳ᠋ ᠤᠨ ᠵᠠᠰᠠᠭ ᠠᠴᠠ 98.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠨᠤᠭᠤ ᠭᠠᠵᠠᠷ ᠤᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂ ᠲᠠᠷᠢᠶᠠᠯᠠᠬᠤ ᠶᠢ ᠵᠣᠭᠰᠣᠭᠠᠵᠤ ᠨᠤᠭᠤ ᠭᠠᠵᠠᠷ ᠢ ᠰᠡᠷᠭᠦᠭᠡᠬᠦ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠨᠥᠬᠦᠪᠥᠷᠢ ᠶᠢᠨ ᠲᠥᠷᠥᠯ ᠵᠦᠢᠯ ᠢ 2000 ᠭᠠᠷᠤᠶ ᠬᠡᠷᠡᠭᠵᠢᠭᠦᠯᠪᠡ᠃      2016 ᠣᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠦᠷᠢᠮ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ 31 ᠮᠤᠵᠢ ︵ᠣᠷᠣᠨ᠂ ᠬᠤᠲᠠ︶ ᠪᠣᠯᠤᠨ ᠰᠢᠨᠵᠢᠶᠠᠩ ‍ᠤᠨ‌ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠦᠧᠠᠨ ᠨᠢ ᠵᠠᠯᠭᠠᠭ᠎ᠠ ᠪᠠᠷ ᠮᠤᠵᠢ ᠶᠢᠨ ᠱᠠᠲᠤᠨ ᠤ ᠬᠡᠷᠡᠭᠵᠢᠭᠦᠯᠬᠦ ᠲᠥᠰᠦᠯ ᠢ ᠨᠡᠶᠢᠲᠡᠯᠡᠪᠡ᠃ ᠣᠳᠣᠬᠠᠨ ᠳᠤ᠂ ᠨᠤᠭᠤ ᠭᠠᠵᠠᠷ ᠢ ᠬᠠᠮᠠᠭᠠᠯᠠᠬᠤ ᠬᠠᠤᠯᠢ ᠶᠢ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠥᠪᠵᠢᠭᠦᠯᠭᠡ ᠳᠤ ᠣᠷᠣᠭᠤᠯᠵᠤ᠂ 28 ᠮᠤᠵᠢ ᠣᠷᠣᠨ ᠮᠤᠵᠢ ᠶᠢᠨ ᠱᠠᠲᠤᠨ ᠤ ᠨᠤᠭᠤ ᠭᠠᠵᠠᠷ ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠪᠡ᠃      ᠮᠠᠨ ᠤ ᠤᠯᠤᠰ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ᠂ ᠣᠯᠠᠨ ᠤᠯᠤᠰ ᠤᠨ ᠴᠢᠬᠤᠯᠠ ᠨᠤᠭᠤ ᠭᠠᠵᠠᠷ᠂ ᠤᠯᠤᠰ ᠤᠨ ᠴᠢᠬᠤᠯᠠ ᠨᠤᠭᠤ ᠭᠠᠵᠠᠷ᠂ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠯᠤᠰ ᠤᠨ ᠨᠤᠭᠤ ᠭᠠᠵᠠᠷ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠥᠬᠦ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠣᠳᠣᠬᠠᠨ ᠳᠤ᠂ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠨᠢᠭᠡᠨᠲᠡ ᠨᠤᠭᠤ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠥᠷᠭᠡᠳᠬᠡᠬᠦ᠂ ᠲᠠᠴᠢᠷᠳᠠᠭᠰᠠᠨ ᠨᠤᠭᠤ ᠭᠠᠵᠠᠷ ᠢ ᠰᠡᠷᠭᠦᠭᠡᠬᠦ ᠴᠢᠬᠤᠯᠠ ᠭᠠᠷᠳᠠᠴᠠ ᠪᠣᠯᠵᠣ᠂ ᠵᠠᠷᠢᠮ ᠬᠤᠪᠣᠷ ᠴᠤᠬᠠᠭ ᠮᠥᠬᠦᠬᠦ ᠰᠢᠬᠠᠭᠰᠠᠨ ᠠᠮᠢᠳᠤ ᠪᠣᠳᠠᠰ ᠤᠨ ᠲᠥᠷᠥᠯ᠂ ᠵᠢᠱᠢᠶᠡᠯᠡᠪᠡᠯ ᠬᠥᠬᠡ ᠲᠣᠯᠣᠭᠠᠶᠢᠲᠤ ᠱᠤᠩᠭᠤᠯ ᠨᠤᠭᠤᠰᠤ᠂ ᠳᠤᠮᠳᠠᠳᠤ ᠶᠢᠨ ᠨᠠᠮᠤᠷ ᠤᠨ ᠡᠯᠡᠰᠦᠨ ᠨᠤᠭᠤᠰᠤ᠂ ᠪᠣᠷᠣ ᠤᠰᠤᠨ ᠲᠠᠬᠢᠶ᠎ᠠ᠂ ᠤᠯᠠᠭᠠᠨ ᠲᠣᠯᠣᠭᠠᠶᠢᠲᠤ ᠱᠤᠩᠭᠤᠯ ᠨᠤᠭᠤᠰᠤ᠂ ᠵᠠᠭᠤᠳᠠᠭ ᠥᠷᠪᠢᠯᠳᠡᠶ᠂ ᠦᠶᠡᠲᠦ ᠬᠤᠲᠠᠨ ᠵᠡᠷᠭᠡ ᠨᠢ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠪᠠᠶᠢᠨ ᠳᠠᠬᠢᠨ ᠬᠠᠷᠠᠬᠳᠠᠬᠤ ᠪᠤᠯᠵᠠᠢ᠃      ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠤᠷᠤᠰᠢᠨ ᠲᠤᠬᠳᠠᠨᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠦᠢᠯᠡᠳᠦᠯ ᠨᠢ ᠲᠤᠪᠤᠶᠢᠮ᠎ᠠ ᠪᠤᠯᠵᠤ ᠪᠠᠶᠢᠨ᠎ᠠ᠃ 2019 ᠣᠨ ᠳᠤ᠂ ᠪᠥᠬᠦ ᠤᠯᠤᠰ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 3.85 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ 89.33 % ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠣᠯᠠᠨ ᠨᠡᠶᠢᠲᠡ ᠠᠴᠠ ᠰᠦᠢᠳᠭᠡᠯ ᠬᠤᠷᠢᠶᠠᠬᠤ ᠥᠬᠡᠶ ᠪᠤᠯᠪᠠ᠃ ᠨᠤᠭᠤ ᠭᠠᠵᠠᠷ ᠤᠨ ᠴᠡᠴᠡᠷᠯᠢᠭ ᠨᠢ ᠪᠠᠰᠠ ᠪᠠᠶᠢᠭᠠᠯᠢ ᠶᠢᠨ ᠰᠤᠷᠭᠠᠨ ᠬᠥᠮᠦᠵᠢᠯ ᠤᠨ ᠭᠤᠤᠯ ᠵᠢᠭᠰᠠᠭᠠᠯ ᠤᠨ ᠭᠠᠵᠠᠷ ᠪᠣᠯᠵᠣ᠂ ᠪᠥᠬᠦ ᠤᠯᠤᠰ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠨᠡᠶᠢᠲᠡ 1.76 ᠳ᠋ᠦᠩᠰᠢᠭᠤᠷ ᠬᠥᠮᠦᠨ ᠤᠳᠠᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ  ᠬᠦᠷᠳᠡᠭᠡᠭᠰᠡᠨ ᠪᠠᠶᠢᠨ᠎ᠠ᠃http://mongol.people.com.cn/15832628.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号