ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠠᠷᠤᠭ᠎ᠠ ᠷᠧᠨ ᠶᠢᠦ | ᠴᠢᠶᠦ᠋ᠨ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠶᠠᠮᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠦᠡᠭᠭᠡᠷᠡᠭᠦᠯᠭᠦ 20 ᠵᠤᠷᠪᠤᠰ ᠢ ᠨᠡᠶᠢᠲᠡᠯᠡᠪᠡ᠃ ᠣᠳᠣᠬᠠᠨ ᠳᠤ ᠪᠥᠬᠦ | ᠤᠯᠤᠰ ᠤᠨ 20 ᠮᠤᠵᠢ ᠣᠷᠣᠨ ᠨᠢᠭᠡᠨᠲᠡ ᠳᠠᠷᠤᠭᠠᠰᠤ ᠶᠢ ᠬᠦᠡᠭᠭᠡᠷᠡᠭᠦᠯᠭᠦ ᠲᠣᠳᠣᠷᠬᠠᠶ ᠬᠠᠭᠤᠳᠠᠰᠤ ᠨᠡᠶᠢᠲᠡᠯᠡᠵᠦ᠂ | ᠵᠢᠱᠢᠯᠲᠡ ᠪᠠᠷ ᠡᠨᠡ ᠵᠢᠯ ᠪᠣᠶ ᠪᠥᠬᠦᠶ ᠮᠤᠵᠢ ᠣᠷᠣᠨ ᠴᠥᠮ ᠨᠡᠶᠢᠲᠡᠯᠡᠬᠦ ᠪᠣᠯᠤᠨ᠎ᠠ ᠭᠡᠪᠡ᠃ | ᠡᠭᠦᠨ ᠠᠴᠠ ᠡᠮᠦᠨ᠎ᠡ᠂ ᠬᠤᠷᠠᠯ ᠣᠯᠠᠨ᠂ ᠰᠢᠯᠭᠠᠷᠠᠭᠤᠯᠤᠯᠳᠠ ᠣᠯᠠᠨ᠂ ᠬᠦᠰᠦᠨᠦᠭ ᠣᠯᠠᠨ᠂ ᠰᠢᠯᠵᠢᠭᠦᠯᠵᠦ | ᠬᠡᠷᠡᠭᠯᠡᠭᠦ ᠶᠠᠪᠤᠳᠠᠯ ᠤᠯᠠᠨ ᠪᠠᠶᠢᠬᠰᠠᠨ ᠨᠢ ᠴᠠᠬ ᠢ ᠰᠦᠢᠳᠭᠡᠨ ᠵᠢᠭᠠᠨ ᠰᠤᠷᠭᠠᠯᠲᠠ ᠶᠢᠨ ᠣᠶᠤᠨ ᠴᠢᠳᠠᠯ ᠢ | ᠰᠠᠷᠨᠢᠭᠤᠯᠵᠤ᠂ ᠪᠠᠭᠰᠢ ᠨᠠᠷ ᠢ ᠶᠠᠳᠠᠷᠠᠭᠠᠵᠤ ᠲᠦᠢᠯᠳᠠᠭᠤᠯᠵᠠᠶ᠃ ᠡᠨᠡ ᠵᠢᠯ ᠤᠨ ᠡᠬᠢ ᠪᠠᠷ᠂ ᠰᠤᠷᠭᠠᠨ | ᠬᠥᠮᠦᠵᠢᠯ ᠤᠨ ᠶᠠᠮᠤᠨ ᠠᠴᠠ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠶᠢ ᠶᠡᠭᠡ ᠶᠠᠪᠤᠳᠠᠯ ᠪᠣᠯᠭᠠᠨ ᠠᠳᠬᠤᠬᠤ | ᠬᠡᠷᠡᠭᠲᠡᠢ ᠭᠡᠵᠦ ᠳᠤᠷᠠᠳᠪᠠ᠃ | ᠨᠢᠭᠡ ᠵᠢᠯ ᠤᠨ ᠲᠤᠷᠰᠢ᠂ ᠡᠯ᠎ᠡ ᠭᠠᠵᠠᠷ ᠤᠨ ᠬᠢᠨ ᠳᠠᠷᠤᠭᠠᠰᠤ ᠶᠢ ᠬᠦᠡᠭᠭᠡᠷᠡᠭᠦᠯᠭᠦ ᠲᠣᠳᠣᠷᠬᠠᠶ ᠬᠠᠭᠤᠳᠠᠰᠤ | ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠳᠠᠷᠤᠭᠠᠰᠤ ᠶᠢ ᠬᠦᠡᠭᠭᠡᠷᠡᠭᠦᠯᠭᠦ ᠠᠵᠢᠯᠯᠠᠭ᠎ᠠ | ᠶᠠᠭᠠᠷᠠᠯᠲᠠᠶ ᠥᠷᠨᠢᠪᠡ᠃ ᠡᠯ᠎ᠡ ᠮᠤᠵᠢ ᠶᠠᠮᠠᠷ ᠶᠠᠮᠠᠷ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠳᠤᠷᠠᠳᠤᠭᠰᠠᠨ ᠪᠤᠢ︖ | ᠶᠠᠮᠠᠷ ᠶᠠᠮᠠᠷ ᠠᠳᠠᠯᠢ ᠲᠠᠯ᠎ᠠ ᠪᠠᠶᠢᠬᠤ ᠪᠤᠢ︖ ᠪᠠᠰᠠ ᠶᠠᠮᠠᠷ ᠶᠠᠮᠠᠷ ᠢᠯᠭᠠᠭ᠎ᠠ ᠲᠠᠢ ᠪᠣᠶ︖ ᠪᠠᠭᠰᠢ ᠶᠢᠨ | ᠳᠠᠷᠤᠭᠠᠰᠤ ᠶᠢ ᠬᠡᠷᠬᠢᠨ ᠦᠨᠡᠨ ᠬᠦ ᠬᠥᠩᠭᠡᠷᠡᠭᠦᠯᠬᠦ ᠪᠣᠶ︖ | ᠠᠳᠠᠯᠢᠳᠬᠠᠯ ᠰᠢᠯᠭᠠᠷᠠᠭᠤᠯᠤᠯᠳᠠ ᠶᠢ 50% ᠠᠴᠠ ᠳᠡᠭᠡᠭᠰᠢ ᠪᠠᠭᠠᠰᠬᠠᠨ᠎ᠠ ᠬᠡᠰᠡᠨ ᠴᠤ ᠳᠠᠷᠤᠭᠠᠰᠤ ᠶᠢ | ᠬᠦᠡᠭᠭᠡᠷᠡᠭᠦᠯᠦᠭᠰᠡᠨ ᠦᠷ᠎ᠠ ᠪᠦᠲᠦᠮᠵᠢ ᠶᠢ ᠲᠡᠷᠡ ᠳᠣᠤᠷ᠎ᠠ ᠨᠢ ᠭᠠᠷᠭᠠᠬᠤ ᠳᠤ ᠪᠡᠷᠬᠡᠲᠡᠶ ᠪᠠᠶᠢᠨ᠎ᠠ | ᠡᠨᠡ ᠵᠢᠯ ᠪᠣᠯ ᠬᠤᠨᠠᠨ ᠮᠤᠵᠢ ᠶᠢᠨ ᠢᠶᠠᠩ ᠬᠤᠲᠠ ᠶᠢᠨ ᠬᠥᠳᠡᠭᠡ ᠲᠣᠰᠬᠤᠨ ᠤ ᠪᠠᠭᠰᠢ ᠯᠢᠦ ᠴᠥᠩ ᠤᠨ | ᠪᠠᠭᠰᠢᠯᠠᠭᠰᠠᠨ ᠵᠢᠷᠭᠤᠭᠠᠳᠠᠬᠢ ᠵᠢᠯ ᠪᠤᠯᠤᠨ᠎ᠠ᠂ ᠲᠡᠷᠡ ᠠᠩᠭᠢ ᠶᠢᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ | ᠬᠠᠷᠢᠭᠤᠴᠠᠵᠤ ᠪᠠᠢᠬᠤ ᠲᠤᠯᠠ᠂ ᠵᠢᠭᠠᠨ ᠰᠤᠷᠭᠠᠬᠤ ᠡᠭᠦᠷᠭᠡ ᠪᠠᠨ ᠪᠡᠶᠡᠯᠡᠭᠦᠯᠬᠦ ᠠᠴᠠ ᠭᠠᠳᠠᠨ᠎ᠠ ᠪᠠᠰᠠ ᠡᠯ᠎ᠡ | ᠵᠦᠢᠯ ᠤᠨ ᠮᠠᠲ᠋ᠧᠷᠢᠶᠠᠯ ᠢ ᠡᠮᠬᠢᠯᠡᠨ᠂ ᠡᠬᠡ ᠲᠠᠩᠰᠠ ᠦᠯᠡᠳᠡᠭᠡᠵᠦ᠂ ᠪᠠᠶᠢᠴᠠᠭᠠᠯᠲᠠ ᠶᠢ ᠤᠭᠲᠤᠳᠠᠬ᠃ ︽ | ᠥᠩᠭᠡᠷᠡᠭᠰᠡᠨ ᠳᠤ ᠪᠠᠶᠢᠴᠠᠭᠠᠬᠤ ᠲᠠᠢ ᠵᠡᠷᠭᠡ ᠮᠠᠲ᠋ᠧᠷᠢᠶᠠᠯ ᠪᠡᠯᠡᠳᠬᠡᠬᠦ ᠬᠡᠷᠡᠭᠲᠡᠢ ᠪᠠᠶᠢᠵᠠᠢ᠃ ᠭᠠᠷᠠᠭ ᠤᠨ ᠰᠡᠭᠦᠯᠴᠢ ᠳᠤ | ᠪᠠᠰᠠ ᠦᠷᠭᠦᠯᠵᠢ ᠴᠠᠭ ᠨᠡᠮᠡᠵᠦ ᠠᠵᠢᠯᠯᠠᠨ᠎ᠠ᠂ ᠬᠦᠨᠳᠦ ᠳᠠᠷᠤᠭᠠᠰᠤ ᠶᠢ ᠦᠨᠡᠭᠡᠷ ᠳᠠᠭᠠᠭᠠᠬᠤ ᠦᠭᠡᠢ︾ ᠭᠡᠵᠦ ᠲᠡᠷᠡ | ᠬᠡᠯᠡᠪᠡ᠃ | ︽ᠬᠤᠨᠠᠨ ᠮᠤᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ | ᠲᠤᠳᠤᠷᠬᠠᠢ ᠬᠠᠭᠤᠳᠠᠰᠤ︾ ᠳᠤ᠂ ᠡᠯ᠎ᠡ ᠭᠠᠵᠠᠷ ᠤᠨ ᠬᠢᠨ ᠡᠨᠡ ᠵᠢᠯ ᠤᠨ ᠡᠴᠦᠰ ᠠᠴᠠ ᠡᠮᠦᠨ᠎ᠡ᠂ ᠲᠣᠰ ᠭᠠᠵᠠᠷ | ᠣᠷᠣᠨ ᠤ ᠪᠠᠨ ᠣᠲᠣ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠳᠤ ᠬᠤᠯᠪᠣᠭᠳᠠᠬᠤ ᠰᠢᠪᠠᠳᠠᠨ | ᠪᠠᠶᠢᠴᠠᠭᠠᠯᠳᠠ ᠠᠳᠠᠯᠢᠳᠬᠠᠯ ᠰᠢᠯᠭᠠᠷᠠᠭᠤᠯᠤᠯᠳᠠ ᠬᠢᠨᠠᠨ ᠰᠢᠯᠭᠠᠯᠳᠠ ᠶᠢᠨ ᠵᠦᠢᠯᠡᠰ ᠢ ᠨᠢᠭᠡ ᠤᠳᠠᠭ᠎ᠠ ᠲᠥᠪᠯᠡᠷᠡᠭᠦᠯᠦᠨ | ᠴᠡᠪᠡᠷᠯᠡᠵᠦ᠂ ᠶᠡᠷᠦᠩᠬᠡᠶ ᠬᠡᠮᠵᠢᠶ᠎ᠡ ᠪᠠ ᠤᠳᠠᠭ᠎ᠠ ᠶᠢᠨ ᠲᠤᠭ᠎ᠠ ᠶᠢ ᠴᠢᠩᠭ᠎ᠠ ᠬᠢᠵᠠᠭᠠᠷᠯᠠᠨ᠂ ᠳᠤᠮᠳᠠᠳᠤ ᠪᠠᠭ᠎ᠠ | ᠰᠤᠷᠭᠠᠭᠤᠯᠢ ᠪᠠ ᠪᠠᠭᠰᠢ ᠳᠤ ᠬᠤᠯᠪᠣᠭᠳᠠᠬᠤ ᠰᠢᠪᠠᠳᠠᠨ ᠪᠠᠶᠢᠴᠠᠭᠠᠯᠳᠠ ᠠᠳᠠᠯᠢᠳᠬᠠᠯ ᠰᠢᠯᠭᠠᠷᠠᠭᠤᠯᠤᠯᠳᠠ ᠬᠢᠨᠠᠨ | ᠰᠢᠯᠭᠠᠯᠳᠠ ᠶᠢᠨ ᠵᠦᠢᠯᠡᠰ ᠢ ᠣᠲᠣ ᠶᠢᠨ ᠰᠠᠭᠤᠷᠢᠨ ᠳᠡᠭᠡᠷ᠎ᠡ 50% ᠠᠴᠠ ᠳᠡᠭᠡᠭᠰᠢ ᠪᠠᠭᠠᠰᠬᠠᠬᠤ ᠶᠢ ᠦᠨᠡᠨ ᠬᠦ | ᠪᠠᠲᠤᠯᠠᠵᠤ᠂ ᠴᠡᠪᠡᠷᠯᠡᠭᠰᠡᠨ ᠤ ᠳᠠᠷᠠᠭ᠎ᠠ ᠦᠯᠡᠳᠡᠭᠡᠭᠰᠡᠨ ᠵᠦᠢᠯᠡᠰ ᠲᠤ ᠲᠤᠳᠤᠷᠬᠠᠢ ᠬᠠᠭᠤᠳᠠᠰᠤ ᠶᠢᠨ ᠬᠠᠮᠢᠶᠠᠷᠤᠯᠲᠠ | ᠶᠠᠪᠤᠭᠤᠯᠬᠤ ᠬᠡᠷᠡᠭᠲᠡᠢ ᠭᠡᠵᠦ ᠱᠠᠭᠠᠷᠳᠠᠪᠠ᠃ | ᠰᠢᠪᠠᠳᠠᠨ ᠪᠠᠶᠢᠴᠠᠭᠠᠯᠳᠠ ᠠᠳᠠᠯᠢᠳᠬᠠᠯ ᠰᠢᠯᠭᠠᠷᠠᠭᠤᠯᠤᠯᠳᠠ ᠬᠢᠨᠠᠨ ᠰᠢᠯᠭᠠᠯᠳᠠ ᠶᠢᠨ ᠲᠠᠯ᠎ᠠ ᠪᠠᠷ᠂ ᠬᠠᠷᠠᠮᠥ᠋ᠷᠡᠨ | ᠂ ᠰᠧᠴᠦᠧᠠᠨ᠂ ᠶᠦᠨᠨᠠᠨ ᠵᠡᠷᠭᠡ ᠮᠤᠵᠢ ᠪᠠᠰᠠ᠂ ᠠᠳᠠᠯᠢ ᠱᠠᠲᠤᠨ ᠤ ᠨᠠᠮ ᠤᠨ ᠬᠤᠷᠢᠶ᠎ᠠ ᠪᠠᠷ ᠬᠢᠨᠠᠨ | ᠵᠥᠪᠰᠢᠶᠡᠷᠡᠭᠦᠯᠵᠦ ᠳᠠᠩᠰᠠᠯᠠᠭᠤᠯᠤᠭᠰᠠᠨ ᠥᠬᠡᠶ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠳᠤ ᠬᠤᠯᠪᠣᠭᠳᠠᠬᠤ | ᠰᠢᠪᠠᠳᠠᠨ ᠪᠠᠶᠢᠴᠠᠭᠠᠯᠳᠠ ᠠᠳᠠᠯᠢᠳᠬᠠᠯ ᠰᠢᠯᠭᠠᠷᠠᠭᠤᠯᠤᠯᠳᠠ ᠬᠢᠨᠠᠨ ᠰᠢᠯᠭᠠᠯᠳᠠ ᠶᠢᠨ ᠠᠵᠢᠯᠯᠠᠭ᠎ᠠ ᠶᠢ ᠥᠷᠨᠢᠭᠦᠯᠵᠦ | ᠪᠣᠯᠬᠤ ᠥᠬᠡᠶ ᠭᠡᠵᠦ ᠲᠣᠭᠲᠠᠭᠠᠪᠠ᠃ ᠡᠭᠦᠨ ᠠᠴᠠ ᠭᠠᠳᠠᠨ᠎ᠠ᠂ ᠰᠧᠴᠦᠧᠠᠨ ᠮᠤᠵᠢ ᠶᠢᠨ ᠬᠢᠨ ᠰᠢᠪᠠᠳᠠᠨ | ᠪᠠᠶᠢᠴᠠᠭᠠᠯᠳᠠ ᠠᠳᠠᠯᠢᠳᠬᠠᠯ ᠰᠢᠯᠭᠠᠷᠠᠭᠤᠯᠤᠯᠳᠠ ᠬᠢᠨᠠᠨ ᠰᠢᠯᠭᠠᠯᠳᠠ ᠶᠢᠨ ᠵᠦᠢᠯᠡᠰ ᠲᠤ ᠡᠯᠧᠺᠲᠷᠣᠨ ᠲᠠᠩᠰᠠ | ᠡᠪᠬᠡᠮᠡᠯ ᠢ ᠬᠡᠷᠡᠭᠯᠡᠵᠦ ᠳᠡᠶᠢᠯᠬᠦ ᠶᠢ ᠨᠢ ᠴᠠᠭᠠᠰᠤᠨ ᠲᠠᠩᠰᠠ ᠡᠪᠬᠡᠮᠡᠯ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ | ᠭᠡᠵᠦ ᠲᠤᠷᠠᠳᠪᠠ᠃ ᠶᠦᠨᠨᠠᠨ ᠮᠤᠵᠢ ᠶᠢᠨ ᠬᠢᠨ᠂ ᠨᠢᠭᠡ ᠠᠵᠢᠯ ᠤᠨ ᠣᠨ ᠤ ᠳᠣᠲᠣᠷ᠎ᠠ᠂ ᠠᠳᠠᠯᠢ ᠨᠢᠭᠡᠨ ᠰᠢᠪᠠᠳᠠᠨ | ᠪᠠᠶᠢᠴᠠᠭᠠᠯᠳᠠ ᠠᠳᠠᠯᠢᠳᠬᠠᠯ ᠰᠢᠯᠭᠠᠷᠠᠭᠤᠯᠤᠯᠳᠠ ᠬᠢᠨᠠᠨ ᠰᠢᠯᠭᠠᠯᠳᠠ ᠶᠢᠨ ᠵᠦᠢᠯᠡᠰ ᠢ ᠥᠷᠨᠢᠭᠦᠯᠬᠦ ᠤᠳᠠᠭ᠎ᠠ ᠨᠢ | ᠬᠤᠶᠠᠷ ᠤᠳᠠᠭ᠎ᠠ ᠠᠴᠠ ᠢᠯᠡᠭᠦᠤ ᠪᠠᠶᠢᠵᠤ ᠪᠣᠯᠬᠤ ᠥᠬᠡᠶ ᠭᠡᠵᠦ ᠬᠢᠵᠠᠭᠠᠷᠯᠠᠨ ᠲᠤᠬᠳᠠᠭᠠᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠤᠵᠢ ᠶᠢᠨ ᠱᠠᠲᠤᠨ ᠠᠴᠠ ᠨᠡᠶᠢᠲᠡᠯᠡᠭᠰᠡᠨ ᠳᠠᠷᠤᠭᠠᠰᠤ ᠶᠢ | ᠬᠥᠩᠭᠡᠷᠡᠭᠦᠯᠬᠦ ᠲᠤᠳᠤᠷᠬᠠᠢ ᠬᠠᠭᠤᠳᠠᠰᠤ ᠨᠢ ᠪᠠᠷᠤᠭ ᠪᠦᠷ 18 ᠵᠤᠷᠪᠤᠰ ᠣᠷᠴᠢᠮ ᠪᠠᠶᠢᠵᠤ᠂ ᠣᠲᠣ ᠶᠢᠨ ᠪᠠᠶᠢᠭ᠎ᠠ | ᠵᠦᠢᠯᠡᠰ ᠢ ᠴᠡᠪᠡᠷᠯᠡᠨ ᠴᠣᠮᠬᠠᠳᠬᠠᠬᠤ᠂ ᠬᠠᠮᠢᠶ᠎ᠠ ᠪᠥᠬᠦᠶ ᠮᠡᠳᠡᠭᠦᠯᠬᠦ ᠬᠦᠰᠦᠨᠦᠭᠲᠦ ᠶᠢ ᠲᠠᠭᠯᠠᠬᠤ ᠠᠵᠢᠯ᠂ ᠲᠤᠰᠬᠠᠶ | ᠡᠭᠦᠷᠭᠡ ᠶᠢ ᠵᠣᠬᠢᠰᠲᠠᠶ ᠲᠣᠬᠢᠷᠠᠭᠤᠯᠬᠤ ᠵᠡᠷᠭᠡ ᠠᠭᠤᠯᠭ᠎ᠠ ᠶᠢ ᠦᠨᠳᠦᠰᠦᠨ ᠳᠡᠭᠡᠨ ᠬᠠᠮᠤᠷᠴᠠᠶ᠃ | ᠵᠢᠭᠠᠨ ᠰᠤᠷᠭᠠᠯᠲᠠ ᠲᠠᠢ ᠬᠠᠮᠢᠶᠠᠳᠠᠬᠤ ᠦᠭᠡᠢ ᠨᠡᠶᠢᠭᠡᠮ ᠤᠨ ᠬᠡᠷᠡᠭ ᠶᠠᠪᠤᠳᠠᠯ ᠢ ᠬᠠᠷᠠᠬᠠᠨ ᠲᠤᠳᠤᠷᠬᠠᠢᠢᠯᠠᠬᠤ | ᠴᠢᠬᠤᠯᠠᠳᠠᠢ ᠪᠠᠶᠢᠨ᠎ᠠ | ᠡᠭᠦᠨ ᠠᠴᠠ ᠡᠮᠦᠨ᠎ᠡ᠂ ᠵᠢᠭᠠᠨ ᠰᠤᠷᠭᠠᠯᠲᠠ ᠲᠠᠢ ᠬᠠᠮᠢᠶᠠᠳᠠᠬᠤ ᠥᠬᠡᠶ ᠡᠯ᠎ᠡ ᠵᠦᠢᠯ ᠤᠨ ᠨᠡᠶᠢᠭᠡᠮ ᠤᠨ | ᠡᠭᠦᠷᠭᠡ ᠶᠢ ︽ᠰᠤᠷᠭᠠᠭᠤᠯᠢ ᠳᠤ ᠣᠷᠣᠭᠤᠯᠬᠤ︾ ᠨᠢ ᠰᠢᠨ᠎ᠡ ᠬᠠᠨᠳᠤᠰᠢ ᠪᠣᠯᠵᠠᠶ᠃ ᠾᠧᠨᠠᠨ ᠮᠤᠵᠢ ᠶᠢᠨ ᠰᠢᠨ | ᠰᠢᠶᠠᠩ ᠬᠤᠲᠠ ᠶᠢᠨ ᠨᠢᠭᠡᠨ ᠪᠠᠭ᠎ᠠ ᠰᠤᠷᠭᠠᠭᠤᠯᠢ ᠶᠢᠨ ᠵᠠᠬᠢᠷᠤᠯ ᠴᠧᠨ ᠬᠤᠸᠠ ᠮᠢᠩ ᠰᠤᠷᠪᠤᠯᠵᠢᠯᠠᠭᠴᠢ ᠳᠤ | ᠬᠡᠯᠡᠬᠦ ᠳᠡᠭᠡᠨ᠂ ᠶᠠᠳᠠᠭᠤ ᠶᠢ ᠲᠡᠳᠬᠦᠬᠦ᠂ ᠬᠤᠤᠷ ᠴᠠᠭᠠᠵᠠᠯᠠᠬᠤ᠂ ᠪᠣᠯᠪᠠᠰᠤᠨ ᠬᠤᠲᠠ ᠪᠠ ᠡᠷᠡᠭᠦᠯ ᠬᠠᠮᠠᠭᠠᠯᠠᠯ ᠤᠨ | ᠬᠤᠲᠠ ᠶᠢ ᠡᠭᠦᠳᠦᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠴᠥᠮ ᠰᠤᠷᠭᠠᠭᠤᠯᠢ ᠳᠤ ᠣᠷᠣᠵᠤ᠂ ᠪᠠᠭᠰᠢ | ᠨᠠᠷ ᠤᠨ ᠣᠷᠣᠯᠴᠠᠬᠤ ᠶᠢ ᠱᠠᠭᠠᠷᠳᠠᠵᠤ ᠪᠤᠢ᠃ ︽ᠡᠲᠡᠭᠡᠷ ᠡᠭᠦᠳᠦᠨ ᠪᠠᠶᠢᠭᠤᠯᠬᠤ ᠠᠵᠢᠯᠯᠠᠭ᠎ᠠ ᠳᠤ ᠪᠡᠯᠡᠳᠬᠡᠭᠡᠳ | ᠪᠠᠷᠠᠰᠢ ᠥᠬᠡᠶ ᠮᠠᠲ᠋ᠧᠷᠢᠶᠠᠯ᠂ ᠲᠠᠭᠯᠠᠭᠠᠳ ᠪᠠᠷᠠᠰᠢ ᠥᠬᠡᠶ ᠬᠦᠰᠦᠨᠦᠭᠲᠦ᠂ ᠡᠮᠬᠢᠯᠡᠭᠡᠳ ᠪᠠᠷᠠᠰᠢ ᠦᠭᠡᠢ ᠲᠠᠩᠰᠠ | ᠡᠪᠬᠡᠮᠡᠯ ᠲᠠᠢ ᠪᠠᠶᠢᠳᠠᠬ︾ ᠭᠡᠪᠡ᠃ | ᠡᠭᠦᠨ ᠤ ᠲᠤᠬᠠᠢ ᠣᠯᠠᠨ ᠭᠠᠵᠠᠷ ᠤᠨ ᠬᠢᠨ ᠠᠳᠠᠯᠢ ᠪᠤᠰᠤ ᠲᠥᠷᠥᠯ ᠬᠡᠯᠪᠡᠷᠢ ᠶᠢᠨ ᠠᠵᠢᠯᠯᠠᠭ᠎ᠠ ᠳᠤ | ᠴᠢᠭᠯᠡᠭᠦᠯᠦᠨ ᠳᠠᠷᠤᠭᠠᠰᠤ ᠶᠢ ᠬᠥᠩᠭᠡᠷᠡᠭᠦᠯᠬᠦ ᠪᠣᠳᠠᠲᠠᠶ ᠲᠣᠭᠲᠠᠭᠠᠯ ᠭᠠᠷᠭᠠᠪᠠ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠦᠡᠭᠭᠡᠷᠡᠭᠦᠯᠭᠦ 20 ᠵᠤᠷᠪᠤᠰ ᠲᠤ᠂ | ᠨᠡᠶᠢᠭᠡᠮ ᠤᠨ ᠴᠢᠨᠠᠷᠲᠠᠶ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠨᠢᠭᠡᠳᠦᠯᠲᠡᠶ | ᠲᠦᠯᠦᠪᠵᠢᠭᠦᠯᠦᠨ ᠵᠢᠷᠤᠮᠵᠢᠭᠤᠯᠬᠤ ᠬᠡᠷᠡᠭᠲᠡᠶ᠂ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶᠠᠳᠠᠬᠤ ᠥᠬᠡᠶ | ᠠᠵᠢᠯᠯᠠᠭ᠎ᠠ ᠪᠠ ᠠᠵᠢᠯ ᠢ ᠳᠤᠮᠳᠠᠳᠤ ᠪᠠᠭ᠎ᠠ ᠰᠤᠷᠭᠠᠭᠤᠯᠢ ᠳᠤ ᠠᠯᠪᠠᠲᠠᠨ ᠲᠡᠰᠬᠡᠨ ᠳᠠᠭᠠᠭᠠᠯᠭᠠᠵᠤ ᠪᠣᠯᠬᠤ ᠥᠬᠡᠶ᠂ | ᠰᠤᠷᠭᠠᠭᠤᠯᠢ ᠶᠢ ᠲᠤᠷ᠎ᠠ ᠪᠠᠷ ᠬᠢᠴᠢᠶᠡᠯ ᠵᠤᠬᠰᠤᠭᠠᠯᠭᠠᠨ ᠬᠦᠮᠦᠨ ᠪᠠ ᠲᠠᠯᠠᠪᠤᠷ ᠭᠠᠷᠭᠠᠯᠭᠠᠵᠤ ᠬᠠᠮᠢᠶ᠎ᠠ ᠪᠥᠬᠦᠶ | ᠠᠵᠢᠯᠯᠠᠭ᠎ᠠ ᠶᠢ ᠳᠤᠷ᠎ᠠ ᠪᠠᠷ ᠢᠶᠠᠨ ᠡᠷᠭᠢᠯᠡᠭᠦᠯᠵᠦ ᠪᠣᠯᠬᠤ ᠥᠬᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ | ᠸᠢᠴᠠᠲ ᠤᠨ ᠠᠵᠢᠯ ᠤᠨ ᠴᠤᠬᠯᠠᠷᠠᠯ ᠢ ᠴᠢᠩᠭ᠎ᠠ ᠬᠠᠮᠢᠶᠠᠷᠬᠤ ᠳᠤ ︽ᠳᠣᠲᠣᠭᠠᠳᠤ ᠶᠢᠨ ᠳᠠᠷᠤᠭᠠᠰᠤ︾ ᠶᠢ ᠴᠤ | ᠠᠩᠬᠠᠷᠬᠤ ᠬᠡᠷᠡᠭᠲᠡᠶ | ᠪᠢᠴᠢᠭᠡᠳ ᠪᠠᠷᠠᠰᠢ ᠦᠭᠡᠢ ᠮᠠᠲ᠋ᠧᠷᠢᠶᠠᠯ᠂ ᠲᠠᠭᠯᠠᠭᠠᠳ ᠪᠠᠷᠠᠰᠢ ᠦᠭᠡᠢ ᠬᠦᠰᠦᠨᠦᠭᠲᠦ᠂ ᠨᠥᠬᠦᠭᠡᠳ ᠪᠠᠷᠠᠰᠢ | ᠦᠭᠡᠢ ᠠᠵᠢᠯᠯᠠᠭᠠᠨ ᠤ ᠮᠠᠲ᠋ᠧᠷᠢᠶᠠᠯ ᠁ ᠡᠯ᠎ᠡ ᠲᠥᠷᠥᠯ ᠤᠨ ᠮᠡᠳᠡᠭᠡᠯᠡᠯ ᠳᠤ᠂ ᠮᠠᠰᠢ ᠣᠯᠠᠨ ᠨᠢᠭᠡᠳᠦᠭᠡᠷ | ᠹᠷᠣᠨᠲ ᠲᠤ ᠠᠵᠢᠯᠯᠠᠵᠤ ᠪᠠᠶᠢᠭ᠎ᠠ ᠪᠠᠭᠰᠢ ᠨᠠᠷ ᠴᠦᠮ ᠰᠠᠨᠠᠭ᠎ᠠ ᠠᠯᠳᠠᠵᠤ᠂ ᠦᠷᠭᠦᠯᠵᠢ ᠰᠥᠨᠢᠵᠢᠨ ᠠᠵᠢᠯᠯᠠᠵᠤ᠂ | ᠮᠠᠲ᠋ᠧᠷᠢᠶᠠᠯ ᠪᠢᠴᠢᠵᠦ᠂ ᠶᠡᠬᠡᠩᠬᠢ ᠴᠠᠭ ᠪᠠ ᠣᠶᠤᠨ ᠴᠢᠳᠠᠯ ᠢᠶᠠᠨ ᠪᠦᠷ ᠰᠢᠷᠡᠭᠡᠨ ᠳᠡᠭᠡᠷ᠎ᠡ ᠵᠠᠷᠤᠴᠠᠭᠤᠯᠵᠤ ᠪᠠᠢᠨ᠎ᠠ | ᠬᠡᠵᠦ ᠪᠠᠶᠢᠪᠠ᠃ | ᠤᠶᠤᠠᠳᠤ ᠭᠠᠷ ᠤᠲᠠᠰᠤᠨ ᠤ ᠲᠦᠭᠡᠮᠡᠯᠵᠢᠬᠦ ᠶᠢ ᠳᠠᠭᠠᠯᠳᠤᠨ᠂ ᠡᠯ᠎ᠡ ᠵᠦᠢᠯ ᠤᠨ ᠠᠵᠢᠯ ᠤᠨ ᠴᠤᠬᠯᠠᠷᠠᠯ᠂ | ᠣᠯᠠᠨ ᠨᠡᠶᠢᠲᠡ ᠶᠢᠨ ᠳ᠋ᠤᠭᠠᠷ ᠪᠠ App ᠪᠤᠢ ᠪᠤᠯᠵᠤ᠂ ᠴᠠᠭ ᠤᠨ ᠢᠯᠭᠠᠯ ᠥᠬᠡᠶ ᠪᠠᠷ ᠮᠡᠳᠡᠭᠡ ᠵᠠᠩᠭᠢ ᠶᠠᠪᠤᠭᠤᠯᠬᠤ | ᠪᠠ ᠪᠢᠯᠧᠲ ᠥᠭᠭᠦᠯᠲᠡ ᠳᠤ ᠠᠯᠪᠠᠲᠠᠨ ᠣᠷᠣᠯᠴᠠᠭᠤᠯᠬᠤ ᠨᠢ ᠮᠠᠰᠢ ᠣᠯᠠᠨ ᠪᠠᠭᠰᠢ ᠶᠢ ᠠᠷᠭᠠᠴᠠᠬᠤ ᠶᠢᠨ ᠠᠷᠭ᠎ᠠ | ᠥᠬᠡᠶ ᠪᠣᠯᠭᠠᠪᠠ᠃ | ︽ᠤᠳᠤ ᠪᠠᠭᠰᠢ ᠨᠢᠭᠡ ᠪᠦᠷᠢ ᠳᠤ ᠴᠥᠮ ᠠᠷᠪᠠ ᠬᠤᠷᠢᠨ ᠸᠢᠴᠠᠲ ᠤᠨ ᠴᠤᠬᠯᠠᠷᠠᠯ᠂ ᠲᠤᠭ᠎ᠠ ᠦᠭᠡᠢ ᠤᠯᠠᠨ | App ᠲᠠᠢ᠂ ᠡᠷᠬᠡᠪᠰᠢ ᠴᠠᠭ ᠢᠮᠠᠭᠲᠠ ᠠᠩᠬᠠᠷᠴᠤ᠂ ᠴᠠᠭ ᠨᠡᠮᠡᠵᠦ ᠠᠵᠢᠯᠯᠠᠬᠤ ᠪᠡᠯᠡᠳᠬᠡᠯ ᠢᠶᠠᠨ ᠰᠠᠶᠢᠲᠤᠷ ᠬᠢᠬᠦ | ᠬᠡᠷᠡᠭᠲᠡᠢ︾ ᠭᠡᠵᠦ ᠴᠧᠨ ᠬᠤᠧᠠ ᠮᠢᠩ ᠬᠡᠯᠡᠭᠰᠡᠨ ᠢᠶᠠᠨ ᠵᠠᠯᠭᠠᠭᠠᠳ᠄ ︽ᠢᠩᠭᠢᠵᠦ ᠬᠢᠬᠦ ᠨᠢ ᠰᠤᠷᠭᠠᠨ | ᠬᠥᠮᠦᠵᠢᠭᠦᠯᠬᠦ ᠬᠠᠯᠠᠭᠤᠨ ᠰᠡᠳᠬᠢᠯᠭᠡ ᠶᠢ ᠪᠠᠭᠤᠷᠠᠭᠤᠯᠵᠤ᠂ ᠮᠠᠰᠢ ᠣᠯᠠᠨ ᠬᠥᠮᠦᠨ ᠢ ᠠᠵᠢᠯ ᠳᠤ ᠳᠤᠷ᠎ᠠ ᠦᠭᠡᠶᠢᠴᠡᠭᠦ | ᠪᠤᠯᠭᠠᠵᠠᠢ︾ ᠭᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠯᠠᠨ ᠮᠤᠵᠢ ᠣᠷᠣᠨ ᠤ ᠬᠢᠨ ᠳᠠᠷᠤᠭᠠᠰᠤ ᠶᠢ ᠬᠥᠩᠭᠡᠷᠡᠭᠦᠯᠬᠦ | ᠲᠣᠳᠣᠷᠬᠠᠶ ᠬᠠᠭᠤᠳᠠᠰᠤᠨ ᠳᠤ᠂ ᠮᠡᠳᠡᠭᠦᠯᠦᠯᠲᠡ ᠶᠢᠨ ᠬᠦᠰᠦᠨᠦᠭᠲᠦ ᠲᠠᠭᠯᠠᠬᠤ ᠠᠵᠢᠯ ᠤᠨ ᠳᠠᠷᠤᠭᠠᠰᠤ ᠶᠢ | ᠬᠥᠩᠭᠡᠷᠡᠭᠦᠯᠵᠦ᠂ ᠸᠢᠴᠠᠲ ᠤᠨ ᠠᠵᠢᠯ ᠤᠨ ᠴᠤᠭᠯᠠᠷᠠᠯ ᠢ ᠵᠢᠷᠤᠮᠵᠢᠭᠤᠯᠤᠨ᠎ᠠ ᠭᠡᠵᠦ ᠳᠤᠷᠠᠳᠴᠠᠶ᠃ ᠡᠭᠦᠨ ᠳᠤ᠂ | ᠵᠢᠶᠠᠩᠰᠢ ᠮᠤᠵᠢ ᠶᠢᠨ ᠬᠢᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠬᠢᠨ ᠳᠤᠮᠳᠠᠳᠤ ᠪᠠᠭ᠎ᠠ ᠰᠤᠷᠭᠠᠭᠤᠯᠢ ᠪᠣᠯᠤᠨ ᠪᠠᠭᠰᠢ ᠨᠠᠷ ᠲᠤ ᠬᠤᠯᠪᠣᠭᠳᠠᠬᠤ | ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠬᠤ ᠠᠵᠢᠯ ᠢ ᠴᠢᠩᠭ᠎ᠠ ᠵᠢᠷᠤᠮᠵᠢᠭᠤᠯᠵᠤ᠂ ᠬᠡᠷᠡᠭᠴᠡᠭᠡ ᠪᠠᠨ | ᠦᠨᠳᠦᠰᠦᠯᠡᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠡᠯ᠎ᠡ ᠵᠦᠢᠯ ᠤᠨ ᠲᠤᠭ᠎ᠠ ᠪᠠᠷᠢᠮᠲᠠ ᠶᠢ ᠳᠡᠭᠡᠭᠰᠢ | ᠲᠠᠪᠬᠤᠷᠳᠠᠭᠤᠯᠤᠨ ᠮᠡᠳᠡᠭᠦᠯᠬᠦ ᠵᠢᠴᠢ ᠬᠦᠰᠦᠨᠦᠭᠲᠦ ᠶᠢ ᠤᠯᠠᠨ ᠲᠠᠯ᠎ᠠ ᠠᠴᠠ ᠲᠠᠭᠯᠠᠬᠤ ᠦᠵᠡᠭᠳᠡᠯ ᠢ ᠡᠷᠡᠰ | ᠬᠤᠷᠢᠬᠯᠠᠬᠤ ᠬᠡᠷᠡᠭᠲᠡᠢ ᠭᠡᠵᠦ ᠲᠣᠭᠲᠠᠭᠠᠪᠠ᠃ ( ᠰᠤᠷᠪᠤᠯᠵᠢᠯᠠᠭᠴᠢ ᠴᠧᠨ ᠫᠧᠩ) | http://mongol.people.com.cn/15832682.html | |