ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 12 ᠤᠨ ᠡᠳᠦᠷ ᠤᠨ ᠮᠡᠳᠡᠭᠡ ︵ | ᠰᠤᠷᠪᠤᠯᠵᠢᠯᠠᠭᠴᠢ ᠹᠧᠩ ᠰᠢᠨ ᠷᠠᠨ ᠾᠧᠦ ᠸᠧᠶ ᠢ︶ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠪᠣᠯᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 11 ᠤ ᠡᠳᠦᠷ ᠬᠥᠬᠡᠬᠤᠲᠠ ᠳᠤ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠬᠠᠮᠲᠤᠷᠠᠯᠴᠠᠭ᠎ᠠ ᠶᠢ | ᠠᠬᠢᠭᠤᠯᠬᠤ ᠬᠤᠷᠠᠯ ᠢ ᠬᠠᠮᠲᠤᠷᠠᠨ ᠬᠤᠷᠠᠯᠳᠤᠭᠤᠯᠪᠠ᠃ ᠬᠤᠷᠠᠯ ᠳᠡᠭᠡᠷ᠎ᠡ᠂ ᠥᠪᠥᠷ ᠮᠣᠩᠭᠤᠯ ᠬᠤᠯᠪᠣᠭᠳᠠᠯ ᠪᠥᠬᠦᠶ | ᠮᠤᠵᠢ ᠬᠤᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ | ᠪᠣᠯᠤᠨ ᠠᠵᠤ ᠠᠬᠤᠶᠢᠯᠠᠯ ᠲᠠᠢ 277 ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠂ ᠡ᠊ᠨᠡ ᠨᠢ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠤᠷᠤᠭᠰᠢᠲᠠᠶ ᠠᠬᠢᠭᠤᠯᠤᠭᠰᠠᠨ | ᠪᠥᠭᠡᠳ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ ᠪᠤᠢ᠃ | ᠣᠶᠢᠯᠠᠭᠠᠭᠰᠠᠨ ᠢᠶᠠᠷ᠂ ᠲᠣᠰ ᠤᠳᠠᠭ᠎ᠠ ᠭᠡᠷ᠎ᠡ ᠲᠣᠭᠲᠠᠭᠰᠠᠨ 277 ᠲᠥᠷᠥᠯ ᠵᠦᠢᠯ ᠨᠢ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ | ᠮᠣᠩᠭᠤᠯ ᠬᠢᠲᠠᠳ ᠡᠮ ᠡᠮᠨᠡᠯᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠭᠡᠷ᠎ᠡ ᠲᠣᠭᠲᠠᠭᠰᠠᠨ ᠬᠤᠶᠠᠷ | ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠬᠦ ᠲᠠᠪᠴᠠᠩ ᠢ | ᠬᠠᠮᠲᠤ ᠪᠠᠷ ᠪᠠᠶᠢᠭᠤᠯᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠬᠤ ᠪᠣᠯᠤᠨ᠎ᠠ᠃ ᠲᠠᠨᠢᠯᠴᠠᠭᠤᠯᠤᠭᠰᠠᠨ ᠢᠶᠠᠷ᠂ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠶᠢ ᠲᠦᠷᠭᠡᠯᠡᠨ ᠠᠬᠢᠭᠤᠯᠬᠤ ᠶᠢᠨ ᠲᠥᠯᠥᠭᠡ᠂ | ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ 30 ᠵᠤᠷᠪᠤᠰ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠤᠰᠬᠠᠶᠢᠯᠠᠨ ᠲᠣᠭᠲᠠᠭᠠᠵᠤ᠂ ᠨᠠᠩ ᠣᠯᠠᠨ ᠰᠢᠨ᠎ᠡ ᠶᠢ ᠡᠭᠦᠳᠬᠦ ᠬᠦᠴᠦᠨ | ᠵᠦᠢᠯ ᠤᠨ ᠥᠪᠥᠷ ᠮᠣᠩᠭᠤᠯ ᠳᠤ ᠲᠥᠪᠯᠡᠷᠡᠬᠦ ᠶᠢ ᠠᠬᠢᠭᠤᠯᠪᠠ᠃ | ᠣᠶᠢᠯᠠᠭᠠᠭᠰᠠᠨ ᠢᠶᠠᠷ᠂ 2019 ᠣᠨ ᠤ 12 ᠰᠠᠷ᠎ᠠ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠵᠢᠩᠬᠢᠨᠢ ᠪᠠᠷ ᠬᠡᠷᠡᠭᠵᠢᠭᠦᠯᠦᠭᠰᠡᠨ ᠠᠴᠠ ᠨᠠᠰᠢ᠂ ᠥᠪᠥᠷ | ᠮᠣᠩᠭᠤᠯ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠢᠵᠠᠭᠠᠷᠯᠠᠵᠤ ᠪᠠᠶᠢᠭ᠎ᠠ | ᠲᠣᠪᠤᠶᠢᠮ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯ ᠴᠢᠯᠠᠭᠤᠨ ᠠᠯᠺᠧᠨ᠂ ᠤᠰᠤᠲᠥ᠋ᠷᠥᠭᠴᠢ | ᠡᠨᠧᠷᠭᠢ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠵᠤ ᠪᠢᠲᠡᠭᠦᠮᠵᠢᠯᠡᠨ ᠬᠠᠳᠠᠭᠠᠯᠠᠬᠤ᠂ ᠬᠤᠪᠣᠷ ᠰᠢᠷᠣᠶ᠂ ᠶᠡᠭᠡ | ᠬᠡᠪᠴᠢᠶ᠎ᠡ ᠪᠠᠷ ᠡᠨᠧᠷᠭᠢ ᠬᠠᠳᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢᠨ ᠬᠤᠰᠢᠭᠤᠷᠠᠯ ᠮᠡᠷᠭᠡᠵᠢᠯ ᠤᠨ ᠲᠠᠯ᠎ᠠ ᠪᠠᠷ | ᠭᠤᠤᠯᠳᠠᠯᠭ᠎ᠠ ᠲᠠᠢ ᠰᠢᠪᠲᠤᠯᠤᠯᠳᠠ ᠭᠠᠷᠭᠠᠵᠤ᠂ 1.75 ᠳ᠋ᠦᠩᠰᠢᠭᠤᠷ ᠲᠥᠭᠦᠷᠢᠭ ᠤᠨ ᠵᠠᠷᠤᠳᠠᠯ ᠣᠷᠣᠭᠤᠯᠵᠤ᠂ | ᠠᠵᠤ ᠠᠬᠤᠶᠢᠯᠠᠯ ᠢ ᠳᠠᠶᠢᠴᠢᠯᠠᠨ 4.16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠣᠷᠣᠨ ᠤ ᠳᠣᠲᠣᠷ᠎ᠠ | ᠭᠠᠳᠠᠨᠠᠬᠢ 40 ᠭᠠᠷᠤᠶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ | ᠂ ᠠᠵᠤ ᠠᠬᠤᠶᠢᠯᠠᠯ ᠢ ᠲᠠᠳᠠᠵᠤ ᠬᠤᠯᠪᠣᠭᠠᠯᠠᠨ ᠪᠣᠭᠤᠮᠲᠠ ᠰᠢᠪᠲᠤᠯᠬᠤ ᠳᠤ ᠣᠷᠣᠯᠴᠠᠭᠤᠯᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨ ᠪᠤᠳᠠᠳᠠᠶᠢᠵᠢᠭᠤᠯᠬᠤ ᠶᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠤᠨ ᠪᠤᠳᠠᠳᠠᠶᠢᠵᠢᠭᠤᠯᠬᠤ ᠶᠢ ᠠᠬᠢᠭᠤᠯᠬᠤ 8 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠤᠯᠭᠠᠯᠴᠠᠭᠤᠯᠤᠯᠳᠠ ᠶᠢᠨ | ᠲᠠᠪᠴᠠᠩ ᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠵᠣᠯᠭᠠᠭᠤᠯᠬᠤ ᠠᠵᠢᠯᠯᠠᠭ᠎ᠠ ᠶᠢ | ᠥᠷᠨᠢᠭᠦᠯᠵᠦ᠂ ᠬᠤᠯᠪᠣᠭᠳᠠᠯ ᠪᠦᠬᠦᠢ ᠠᠵᠢᠯᠯᠠᠭ᠎ᠠ ᠳᠤ 120 ᠭᠠᠷᠤᠢ ᠵᠦᠢᠯ ᠤᠨ ᠬᠠᠮᠲᠤᠷᠠᠯᠴᠠᠭᠠᠨ ᠤ ᠰᠠᠨᠠᠮᠵᠢ | ᠳᠤᠬᠢᠷᠠᠯᠴᠠᠪᠠ᠃ ᠡᠭᠦᠨ ᠤ ᠬᠠᠮᠲᠤ᠂ ᠥᠪᠥᠷ ᠮᠣᠩᠭᠤᠯ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢ ᠬᠥᠲᠥᠯᠥᠨ ᠵᠢᠯᠣᠭᠤᠳᠬᠤ 42 ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ | ᠂ 588 ᠤᠯᠠᠷᠢᠭᠤᠯᠤᠯᠲᠠ ᠶᠢᠨ ᠲᠥᠷᠥᠯ ᠵᠦᠢᠯ ᠤᠨ ᠮᠡᠷᠭᠡᠵᠢᠯ ᠤᠨ ᠰᠣᠯᠢᠯᠴᠠᠭᠠᠨ ᠤ ᠳᠠᠷᠠᠭ᠎ᠠ 4680 ᠲᠦᠮᠡᠨ | ᠲᠥᠭᠦᠷᠢᠭ ᠨᠥᠬᠦᠪᠥᠷᠢᠯᠡᠵᠦ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠥᠪᠥᠷ ᠮᠣᠩᠭᠤᠯ ᠳᠤ ᠨᠤᠲᠤᠭᠰᠢᠭᠤᠯᠵᠤ᠂ ᠥᠪᠥᠷ ᠮᠣᠩᠭᠤᠯ ᠤᠨ ᠠᠵᠤ ᠦᠢᠯᠡᠰ ᠤᠨ ᠰᠢᠯᠢᠳᠡᠭᠵᠢᠭᠦᠯᠦᠯᠲᠡ ᠪᠠ | ᠮᠡᠷᠭᠡᠵᠢᠯ ᠤᠨ ᠲᠠᠰ ᠳᠠᠪᠰᠢᠯᠲᠠ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃ | http://mongol.people.com.cn/15832629.html |