277 ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠥᠪᠥᠷ ᠮᠣᠩᠭᠤᠯ ᠳᠤ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2020/12/15
     ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠹᠧᠩ ᠰᠢᠨ ᠷᠠᠨ  ᠾᠧᠦ ᠸᠧᠶ ᠢ︶ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 11 ᠤ ᠡᠳᠦᠷ ᠬᠥᠬᠡᠬᠤᠲᠠ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠬᠠᠮᠲᠤᠷᠠᠯᠴᠠᠭ᠎ᠠ ᠶᠢ ᠠᠬᠢᠭᠤᠯᠬᠤ ᠬᠤᠷᠠᠯ ᠢ ᠬᠠᠮᠲᠤᠷᠠᠨ ᠬᠤᠷᠠᠯᠳᠤᠭᠤᠯᠪᠠ᠃ ᠬᠤᠷᠠᠯ ᠳᠡᠭᠡᠷ᠎ᠡ᠂ ᠥᠪᠥᠷ ᠮᠣᠩᠭᠤᠯ ᠬᠤᠯᠪᠣᠭᠳᠠᠯ ᠪᠥᠬᠦᠶ ᠮᠤᠵᠢ ᠬᠤᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠲᠠᠢ 277 ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠂ ᠡ᠊ᠨᠡ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠤᠷᠤᠭᠰᠢᠲᠠᠶ ᠠᠬᠢᠭᠤᠯᠤᠭᠰᠠᠨ ᠪᠥᠭᠡᠳ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ ᠪᠤᠢ᠃      ᠣᠶᠢᠯᠠᠭᠠᠭᠰᠠᠨ ᠢᠶᠠᠷ᠂ ᠲᠣᠰ ᠤᠳᠠᠭ᠎ᠠ ᠭᠡᠷ᠎ᠡ ᠲᠣᠭᠲᠠᠭᠰᠠᠨ 277 ᠲᠥᠷᠥᠯ ᠵᠦᠢᠯ ᠨᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠮᠣᠩᠭᠤᠯ ᠬᠢᠲᠠᠳ ᠡᠮ ᠡᠮᠨᠡᠯᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠭᠡᠷ᠎ᠡ ᠲᠣᠭᠲᠠᠭᠰᠠᠨ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠪᠣᠯᠤᠨ᠎ᠠ᠃ ᠲᠠᠨᠢᠯᠴᠠᠭᠤᠯᠤᠭᠰᠠᠨ ᠢᠶᠠᠷ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠶᠢ ᠲᠦᠷᠭᠡᠯᠡᠨ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ 30 ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠰᠬᠠᠶᠢᠯᠠᠨ ᠲᠣᠭᠲᠠᠭᠠᠵᠤ᠂ ᠨᠠᠩ ᠣᠯᠠᠨ ᠰᠢᠨ᠎ᠡ ᠶᠢ ᠡᠭᠦᠳᠬᠦ ᠬᠦᠴᠦᠨ ᠵᠦᠢᠯ ᠤᠨ ᠥᠪᠥᠷ ᠮᠣᠩᠭᠤᠯ ᠳᠤ ᠲᠥᠪᠯᠡᠷᠡᠬᠦ ᠶᠢ ᠠᠬᠢᠭᠤᠯᠪᠠ᠃      ᠣᠶᠢᠯᠠᠭᠠᠭᠰᠠᠨ ᠢᠶᠠᠷ᠂ 2019 ᠣᠨ ᠤ 12 ᠰᠠᠷ᠎ᠠ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠵᠢᠩᠬᠢᠨᠢ ᠪᠠᠷ ᠬᠡᠷᠡᠭᠵᠢᠭᠦᠯᠦᠭᠰᠡᠨ ᠠᠴᠠ ᠨᠠᠰᠢ᠂ ᠥᠪᠥᠷ ᠮᠣᠩᠭᠤᠯ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯ ᠴᠢᠯᠠᠭᠤᠨ ᠠᠯᠺᠧᠨ᠂ ᠤᠰᠤᠲᠥ᠋ᠷᠥᠭᠴᠢ ᠡᠨᠧᠷᠭᠢ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠵᠤ ᠪᠢᠲᠡᠭᠦᠮᠵᠢᠯᠡᠨ ᠬᠠᠳᠠᠭᠠᠯᠠᠬᠤ᠂ ᠬᠤᠪᠣᠷ ᠰᠢᠷᠣᠶ᠂ ᠶᠡᠭᠡ ᠬᠡᠪᠴᠢᠶ᠎ᠡ ᠪᠠᠷ ᠡᠨᠧᠷᠭᠢ ᠬᠠᠳᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢᠨ ᠬᠤᠰᠢᠭᠤᠷᠠᠯ ᠮᠡᠷᠭᠡᠵᠢᠯ ᠤᠨ ᠲᠠᠯ᠎ᠠ ᠪᠠᠷ ᠭᠤᠤᠯᠳᠠᠯᠭ᠎ᠠ ᠲᠠᠢ ᠰᠢᠪᠲᠤᠯᠤᠯᠳᠠ ᠭᠠᠷᠭᠠᠵᠤ᠂ 1.75 ᠳ᠋ᠦᠩᠰᠢᠭᠤᠷ ᠲᠥᠭᠦᠷᠢᠭ ᠤᠨ ᠵᠠᠷᠤᠳᠠᠯ ᠣᠷᠣᠭᠤᠯᠵᠤ᠂ ᠠᠵᠤ ᠠᠬᠤᠶᠢᠯᠠᠯ ᠢ ᠳᠠᠶᠢᠴᠢᠯᠠᠨ 4.16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠣᠷᠣᠨ ᠤ ᠳᠣᠲᠣᠷ᠎ᠠ ᠭᠠᠳᠠᠨᠠᠬᠢ 40 ᠭᠠᠷᠤᠶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠢ ᠲᠠᠳᠠᠵᠤ ᠬᠤᠯᠪᠣᠭᠠᠯᠠᠨ ᠪᠣᠭᠤᠮᠲᠠ ᠰᠢᠪᠲᠤᠯᠬᠤ ᠳᠤ ᠣᠷᠣᠯᠴᠠᠭᠤᠯᠪᠠ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠪᠤᠳᠠᠳᠠᠶᠢᠵᠢᠭᠤᠯᠬᠤ ᠶᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠪᠤᠳᠠᠳᠠᠶᠢᠵᠢᠭᠤᠯᠬᠤ ᠶᠢ ᠠᠬᠢᠭᠤᠯᠬᠤ 8 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠤᠯᠭᠠᠯᠴᠠᠭᠤᠯᠤᠯᠳᠠ ᠶᠢᠨ ᠲᠠᠪᠴᠠᠩ ᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠯᠪᠣᠭᠳᠠᠯ ᠪᠦᠬᠦᠢ ᠠᠵᠢᠯᠯᠠᠭ᠎ᠠ ᠳᠤ 120 ᠭᠠᠷᠤᠢ ᠵᠦᠢᠯ ᠤᠨ ᠬᠠᠮᠲᠤᠷᠠᠯᠴᠠᠭᠠᠨ ᠤ ᠰᠠᠨᠠᠮᠵᠢ ᠳᠤᠬᠢᠷᠠᠯᠴᠠᠪᠠ᠃ ᠡᠭᠦᠨ ᠤ ᠬᠠᠮᠲᠤ᠂ ᠥᠪᠥᠷ ᠮᠣᠩᠭᠤᠯ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠬᠥᠲᠥᠯᠥᠨ ᠵᠢᠯᠣᠭᠤᠳᠬᠤ 42 ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ 588 ᠤᠯᠠᠷᠢᠭᠤᠯᠤᠯᠲᠠ ᠶᠢᠨ ᠲᠥᠷᠥᠯ ᠵᠦᠢᠯ ᠤᠨ ᠮᠡᠷᠭᠡᠵᠢᠯ ᠤᠨ ᠰᠣᠯᠢᠯᠴᠠᠭᠠᠨ ᠤ ᠳᠠᠷᠠᠭ᠎ᠠ 4680 ᠲᠦᠮᠡᠨ ᠲᠥᠭᠦᠷᠢᠭ ᠨᠥᠬᠦᠪᠥᠷᠢᠯᠡᠵᠦ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠥᠪᠥᠷ ᠮᠣᠩᠭᠤᠯ ᠳᠤ ᠨᠤᠲᠤᠭᠰᠢᠭᠤᠯᠵᠤ᠂ ᠥᠪᠥᠷ ᠮᠣᠩᠭᠤᠯ ᠤᠨ ᠠᠵᠤ ᠦᠢᠯᠡᠰ ᠤᠨ ᠰᠢᠯᠢᠳᠡᠭᠵᠢᠭᠦᠯᠦᠯᠲᠡ ᠪᠠ ᠮᠡᠷᠭᠡᠵᠢᠯ ᠤᠨ ᠲᠠᠰ ᠳᠠᠪᠰᠢᠯᠲᠠ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃http://mongol.people.com.cn/15832629.html
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ