ᠰᠢᠨ᠎ᠡ ᠬᠤᠲᠠ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/16
    12 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ 2020 ᠣᠨ ᠤ ᠡᠴᠦᠰ ᠠᠴᠠ ᠡᠮᠦᠨ᠎ᠡ ᠪᠡᠶᠡᠯᠡᠭᠦᠯᠬᠦ ᠴᠢᠬᠤᠯᠠᠲᠠᠶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠡᠯ᠎ᠡ ᠵᠣᠶᠢᠯ ᠤᠨ ᠡᠭᠦᠷᠭᠡ ᠶᠢᠨ ᠬᠠᠷᠠᠯᠲᠠ ᠶᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠹᠠᠨ ᡁᠢ ᠵᠥᠩ ᠲᠣᠭᠤᠷᠢᠭ ᠤᠨ ᠳᠠᠷᠤᠭ᠎ᠠ ᠡᠷᠬᠢᠯᠡᠵᠦ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠫᠧᠩ ᡁᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠩ ᠵᠢᠶᠦ᠋ᠨ ᠯᠢᠶᠠᠩ ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠭᠦᠸᠧ ᠵᠢᠶᠦ᠋ᠨ᠂ ᠰᠢᠨ᠎ᠡ ᠬᠤᠲᠠ ᠲᠣᠭᠤᠷᠢᠭ ᠤᠨ ᠳᠡᠳ᠋ ᠲᠤᠭᠤᠷᠢᠭ ᠤᠨ ᠳᠠᠷᠤᠭ᠎ᠠ ᠰᠢᠤᠢ ᠰᠢᠶᠠᠩ ᠵᠢᠶᠦ᠋ᠨ᠂ ᠤᠳᠤᠨ᠂ ᠸᠠᠩ ᠰᠢᠶᠤᠤ ᠬᠤᠶ᠂ ᠸᠠᠩ ᠶᠠ ᠨᠠ ᠵᠢᠴᠢ ᠡᠯ᠎ᠡ ᠬᠡᠷᠡᠭ ᠡᠷᠬᠢᠯᠡᠬᠦ ᠭᠠᠵᠠᠷ᠂ ᠬᠤᠯᠪᠤᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠶᠢᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠪᠠ᠃       ᠬᠤᠷᠠᠯ ᠠᠴᠠ 2020 ᠤᠨ ᠤ ᠪᠦᠬᠦ ᠣᠯᠣᠰ ᠤᠨ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠠᠶ ᠶᠢᠨ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠡᠷᠬᠢᠨ ᠠᠬᠢᠭᠤᠯᠬᠤ ᠲᠤᠬᠠᠶ ᠨᠠᠷᠢᠨ  ᠪᠠᠶᠢᠷᠢᠯᠠᠭᠤᠯᠤᠯᠲᠠ ᠬᠢᠵᠡᠶ᠃ ᠰᠢᠨ᠎ᠡ ᠬᠤᠲᠠ ᠲᠣᠭᠤᠷᠢᠭ ᠤᠨ ᠳᠠᠷᠤᠭ᠎ᠠ ᠹᠠᠨ ᡁᠢ ᠵᠥᠩ ᠳᠤᠷᠠᠳᠤᠭᠰᠠᠨ ᠨᠢ᠂ ᠦᠵᠡᠯ ᠰᠠᠨᠠᠭᠠᠨ ᠤ ᠲᠠᠯ᠎ᠠ ᠪᠠᠷ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠢᠰᠲ᠋ᠧᠮ ᠲᠠᠢ ᠰᠤᠳᠤᠯᠤᠨ ᠠᠬᠢᠭᠤᠯᠬᠤ ᠬᠡᠷᠡᠭᠲᠡᠶ︔ ᠬᠢᠬᠦ ᠠᠷᠭ᠎ᠠ ᠶᠢᠨ ᠲᠠᠯ᠎ᠠ ᠪᠠᠷ ᠲᠤᠬᠠᠶ ᠶᠢᠨ ᠭᠠᠵᠠᠷ ᠣᠷᠣᠨ ᠳᠤᠨᠢ ᠲᠣᠬᠢᠷᠠᠭᠤᠯᠤᠨ᠂ ᠨᠠᠶᠢᠲᠠᠪᠤᠷᠢᠵᠢᠭᠤᠯᠬᠤ ᠳᠤ ᠵᠦᠢᠴᠢᠯᠡᠯ ᠢ ᠳᠠᠭᠠᠭᠠᠵᠤ ᠳᠡᠶᠢᠯᠬᠦ ᠬᠡᠷᠡᠭᠲᠡᠶ︔ ᠤᠬᠠᠭᠤᠯᠭ᠎ᠠ ᠶᠢᠨ ᠲᠠᠯ᠎ᠠ ᠪᠠᠷ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠲᠠᠯ᠎ᠠ ᠪᠠᠷ ᠣᠯᠠᠨ ᠬᠠᠷᠠᠭᠠᠰᠣ ᠠᠴᠠ ᠤᠬᠠᠭᠤᠯᠵᠤ ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠮᠡᠳᠡᠬᠦ ᠨᠣᠷᠮ᠎ᠠ᠂ ᠣᠷᠣᠯᠴᠠᠬᠤ ᠨᠣᠷᠮ᠎ᠠ ᠵᠢᠴᠢ ᠲᠠᠨᠢᠯᠲᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠭᠡᠪᠡ᠃      ᠬᠤᠷᠠᠯ ᠳᠡᠭᠡᠷ᠎ᠡ᠂ ᠹᠠᠨ ᡁᠢ ᠵᠥᠩ ᠲᠣᠭᠤᠷᠢᠭ ᠤᠨ ᠳᠠᠷᠤᠭ᠎ᠠ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠴᠡᠭ ᠤᠨ ᠪᠠᠶᠢᠭᠤᠯᠤᠯᠲᠠ ᠶᠢᠨ ᠡᠵᠡᠩᠨᠡᠭᠰᠡᠨ ᠪᠠᠶᠢᠳᠠᠯ᠂ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠶᠢ ᠠᠬᠢᠭᠤᠯᠤᠭᠰᠠᠨ ᠪᠠᠶᠢᠳᠠᠯ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠴᠦᠨ ᠤ ᠲᠠᠷᠬᠠᠯᠲᠠ ᠪᠠ ᠠᠳᠠᠯ ᠠᠬᠤᠶ ᠶᠢᠨ ᠺᠣᠮᠫᠠᠨᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠣᠷᠣᠯᠴᠠᠭᠰᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠳᠣᠬᠠᠨ ᠤ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠢ ᠶᠡᠷᠦᠩᠬᠡᠶᠢᠯᠡᠨ ᠵᠠᠳᠠᠯᠠᠵᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠡᠷᠬᠢᠨ ᠠᠬᠢᠭᠤᠯᠬᠤ ᠲᠤᠬᠠᠶ ᠨᠠᠷᠢᠨ ᠪᠠᠶᠢᠷᠢᠯᠠᠭᠤᠯᠤᠯᠲᠠ ᠬᠢᠬᠦ ᠶᠢᠨ ᠬᠠᠮᠲᠤ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠳᠬᠠᠵᠤ᠂ ᠬᠦᠨᠳᠦ ᠪᠡᠷᠬᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠬᠤᠲᠠ ᠲᠣᠭᠤᠷᠢᠭ ᠤᠨ 2020 ᠤᠨ ᠳᠤ ᠲᠣᠭᠲᠠᠭᠠᠭᠰᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠷᠠᠯᠲᠠ ᠶᠢ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ ᠡᠯ᠎ᠡ ᠰᠠᠯᠠᠭ᠎ᠠ ᠮᠥᠴᠢᠷ ᠤᠨ ᠬᠢᠨ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠡᠯ᠎ᠡ ᠵᠣᠶᠢᠯ ᠤᠨ ᠪᠠᠲᠤᠯᠠᠭ᠎ᠠ ᠶᠢᠨ ᠴᠢᠨᠠᠷᠲᠠᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ︕
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号