ᠬᠦᠬᠡᠬᠤᠲᠠ 898 ᠪᠠᠷᠢᠯᠭ᠎ᠠ ᠶᠢᠨ ᠠᠵᠤ ᠠᠬᠤᠶᠢᠯᠠᠯ ᠳᠤ ᠦᠨᠡᠨ ᠨᠡᠷ᠎ᠡ ᠪᠠᠷ ᠲᠠᠩᠰᠠᠯᠠᠭᠤᠯᠬᠤ ᠲᠦᠷᠢᠮ ᠢ ᠬᠡᠷᠡᠭᠵᠢᠬᠦᠯᠪᠡ
ᠨᠡᠶᠢᠲᠡᠯᠡᠭᠰᠡᠨ ᠴᠠᠭ᠄
2020/12/16
     ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠡᠴᠡᠨ︶  ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠦᠷᠢᠳᠦᠬᠦ ᠠᠰᠠᠭᠤᠳᠠᠯ ᠢ ᠰᠢᠢᠳᠪᠦᠷᠢᠯᠡᠵᠦ᠂ ᠪᠠᠷᠢᠯᠭ᠎ᠠ ᠶᠢᠨ ᠬᠦᠷᠢᠶᠡᠨ ᠳᠠᠬᠢ ᠬᠦᠯᠦᠰᠦᠨ ᠠᠵᠢᠯᠴᠢᠨ ᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠪᠠ ᠴᠠᠯᠢᠩ ᠥᠭᠬᠦ ᠠᠵᠢᠯᠯᠠᠭ᠎ᠠ ᠶᠢ ᠵᠢᠷᠤᠮᠵᠢᠭᠤᠯᠵᠤ᠂ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ᠣᠶᠢᠷ᠎ᠠ ᠳᠤ᠂ ᠬᠦᠬᠡᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠳᠤᠯᠠᠭ᠎ᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠥᠪ ᠤᠳᠤ ᠶᠠᠭ ᠪᠦᠳᠦᠭᠡᠨ ᠪᠠᠶᠢᠭᠤᠯᠵᠤ  ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ  ᠭᠠᠵᠠᠷ ᠲᠤ ᠬᠦᠨᠵᠡᠭᠡᠶᠢᠷᠡᠨ᠂ ᠪᠠᠷᠢᠯᠭ᠎ᠠ ᠶᠢᠨ ᠬᠦᠷᠢᠶᠡᠨ ᠤ ᠬᠦᠯᠦᠰᠦᠨ ᠠᠵᠢᠯᠴᠢᠳ ᠤᠨ ᠦᠨᠡᠨ ᠨᠡᠷ᠎ᠡ ᠶᠢᠨ ᠲᠥᠷᠢᠮ ᠤᠨ ᠬᠠᠮᠢᠶᠠᠷᠤᠯᠲᠠ ᠵᠢᠴᠢ ᠴᠠᠯᠢᠩ ᠦᠭᠴᠦ ᠪᠠᠶᠢᠭ᠎ᠠ ᠪᠠᠶᠢᠳᠠᠯ ᠢ ᠲᠤᠰᠬᠠᠢ ᠪᠠᠶᠢᠴᠠᠭᠠᠪᠠ  ᠃      2013 ᠣᠨ ᠳᠤ ᠬᠦᠬᠡᠬᠤᠲᠠ ᠪᠦᠬᠦ ᠤᠷᠤᠨ ᠤ ᠬᠡᠪᠴᠢᠶᠡᠨ ᠳᠤ ᠦᠨᠡᠨ ᠨᠡᠷ᠎ᠡ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢ ᠬᠡᠷᠡᠭᠵᠢᠬᠦᠯᠵᠦ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠴᠢᠩᠭᠠᠳᠬᠠᠭᠰᠠᠨ ᠰᠠᠭᠤᠷᠢᠨ ᠲᠡᠭᠡᠷ᠎ᠡ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ᠂ ᠪᠦᠳᠦᠮᠵᠢᠲᠡᠢ ᠵᠠᠭᠪᠤᠷ ᠢ ᠬᠦᠨᠵᠡᠭᠡᠢ ᠰᠦᠪᠡᠭᠴᠢᠯᠡᠪᠡ᠃ 2018 ᠣᠨ ᠳᠤ ᠥᠪᠡᠷᠲᠡᠭᠡᠨ  ᠵᠠᠰᠠᠬᠤ ᠤᠷᠤᠨ ︽ᠪᠠᠷᠢᠯᠭ᠎ᠠ ᠶᠢᠨ ᠦᠢᠯᠡᠰ ᠤᠨ ᠠᠵᠢᠯᠴᠢᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ︾ ᠢ ᠡᠬᠢᠯᠡᠨ ᠬᠡᠷᠡᠭᠯᠡᠪᠡ᠂ ᠤᠳᠤ ᠪᠤᠯᠳᠠᠯ᠎ᠠ ᠬᠦᠬᠡᠬᠤᠲᠠ ᠶᠢᠨ ᠦᠨᠡᠨ ᠨᠡᠷ᠎ᠡ ᠶᠢᠨ ᠲᠦᠷᠢᠮ ᠤᠨ ᠲᠠᠪᠴᠠᠩ ᠲᠡᠭᠡᠷ᠎ᠡ ᠨᠢᠭᠡᠨᠲᠡ898 ᠪᠠᠷᠢᠯᠭ᠎ᠠ ᠶᠢᠨ ᠠᠵᠤ ᠠᠬᠤᠶᠢᠯᠠᠯ ᠲᠠᠩᠰᠠᠯᠠᠭᠤᠯᠵᠤ᠂ 68875 ᠠᠵᠤ ᠠᠬᠤᠶᠢᠯᠠᠯ ᠤᠨ ᠠᠵᠢᠯᠴᠢᠨ ᠤ ᠬᠤᠪᠢ ᠬᠦᠮᠦᠨ ᠤ ᠮᠡᠳᠡᠭᠡ ᠵᠠᠩᠭᠢ ᠶᠢ ᠤᠷᠤᠭᠤᠯᠪᠠ᠃ ᠲᠤᠰ ᠲᠠᠪᠴᠠᠩ ᠤᠨ ᠲᠤᠭ᠎ᠠ ᠪᠠᠷᠢᠮᠲᠠ ᠶᠢ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠦᠨᠡᠨ ᠨᠡᠷ᠎ᠡ ᠶᠢᠨ ᠲᠦᠷᠢᠮ ᠤᠨ ᠲᠠᠪᠴᠠᠩ ᠳᠡᠭᠡᠷ᠎ᠡ ᠴᠤ ᠬᠠᠮᠳᠤ ᠪᠠᠷ ᠡᠳ᠋ᠯᠡᠵᠦ ᠪᠤᠯᠬᠤ ᠶᠢᠨ ᠬᠠᠮᠳᠤ ᠥᠪᠡᠷᠲᠡᠭᠡᠨ ᠵᠠᠰᠠᠬᠤ ᠤᠷᠤᠨ᠂ ᠬᠦᠬᠡᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶  ᠤ ᠲᠤᠭ᠎ᠠ ᠪᠠᠷᠢᠮᠲᠠ ᠶᠢ ᠬᠠᠮᠳᠤ ᠪᠠᠷ ᠡᠳ᠋ᠯᠡᠵᠦ ᠲᠡᠶᠢᠯᠬᠦ ᠪᠤᠯᠵᠤ᠂ ᠲᠠᠪᠴᠠᠩ ᠤᠨ ᠲᠤᠭ᠎ᠠ ᠪᠠᠷᠢᠮᠲᠠ ᠬᠠᠷᠢᠯᠴᠠᠨ ᠬᠤᠯᠪᠤᠯᠳᠤᠨ ᠨᠡᠪᠳᠡᠷᠡᠯᠴᠡᠬᠦ ᠶᠢ ᠪᠡᠶᠡᠯᠡᠭᠦᠯᠪᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号