ᠬᠦᠬᠡᠬᠤᠲᠠ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠬᠤᠬᠢᠷᠠᠭᠤᠯᠤᠭᠰᠠᠨ ᠲᠦᠷᠪᠡᠨ ᠨᠡᠶᠢᠳᠡᠯᠢᠭ ᠬᠡᠷᠡᠭ ᠢ ᠵᠠᠷᠯᠠᠨ ᠨᠡᠶᠢᠳᠡᠯᠡᠪᠡ
ᠨᠡᠶᠢᠲᠡᠯᠡᠭᠰᠡᠨ ᠴᠠᠭ᠄
2020/12/16
     ︵ᠰᠤᠷᠪᠤᠯᠵᠢᠯᠠᠭᠴᠢ ᠬᠠᠨ ᠯᠢᠩ ᠯᠢᠩ  ︶ ᠵᠢᠯ ᠤᠨ ᠡᠬᠢᠨ ᠠᠴᠠ ᠨᠠᠭᠠᠰᠢ ᠤᠳᠤᠬᠠᠨ ᠪᠤᠯᠳᠠᠯ᠎ᠠ᠂ ᠬᠦᠬᠡᠬᠤᠲᠠ ᠶᠢᠨ ᠡᠯ᠎ᠡ ᠱᠠᠳᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠤᠭᠲᠠᠭᠠᠯᠲᠠ ᠳᠠᠭᠠᠨ ᠰᠠᠭᠤᠷᠢᠯᠠᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠬᠡᠷᠡᠭᠵᠢᠬᠦᠯᠬᠦ ᠶᠢ ᠴᠢᠩᠭᠠᠳᠬᠠᠨ᠂ ᠠᠵᠤ ᠠᠬᠤᠶᠢᠯᠠᠯ ᠪᠠ ᠤᠯᠠᠨ ᠲᠦᠮᠡᠨ ᠳᠤ ᠦᠢᠯᠡᠴᠢᠯᠡᠬᠦ ᠳᠤᠮᠲᠠ ᠠᠵᠢᠯ ᠢᠶᠠᠨ ᠦᠯᠦ ᠬᠢᠬᠦ᠂ ᠤᠳᠠᠭᠠᠰᠢᠷᠠᠭᠤᠯᠬᠤ᠂ ᠲᠤᠷ᠎ᠠ ᠪᠠᠷ ᠢᠶᠠᠨ ᠦᠢᠯᠡᠳᠬᠦ  ᠵᠡᠷᠭᠡ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠬᠤᠬᠢᠷᠠᠭᠤᠯᠤᠭᠰᠠᠨ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃      ᠬᠦᠬᠡᠬᠤᠲᠠ ᠺᠠᠳ᠋ᠷᠴᠤᠳ ᠤᠨ ᠠᠵᠢᠯ ᠤᠨ ᠰᠤᠷᠳᠠᠯ ᠢ ᠴᠢᠨᠠᠭᠰᠢᠲᠠ ᠰᠠᠶᠢᠵᠢᠷᠠᠭᠤᠯᠵᠤ᠂ ᠰᠡᠷᠡᠮᠵᠢᠯᠡᠭᠦᠯᠦᠨ ᠰᠦᠷᠳᠡᠭᠦᠯᠬᠦ ᠠᠵᠢᠯ ᠢ  ᠴᠢᠩᠭᠠᠳᠬᠠᠬᠤ ᠶᠢᠨ ᠲᠦᠯᠦᠭᠡ᠂ ᠤᠶᠢᠷ᠎ᠠ ᠳᠤ ᠪᠠᠶᠢᠴᠠᠭᠠᠨ ᠰᠢᠢᠳᠪᠦᠷᠢᠯᠡᠭᠰᠡᠨ ᠬᠤᠳᠠᠯᠳᠤᠭ᠎ᠠ  ᠡᠷᠬᠢᠯᠡᠬᠦ  ᠤᠷᠴᠢᠨ ᠨᠦᠬᠦᠴᠡᠯ ᠢ ᠬᠤᠬᠢᠷᠠᠭᠤᠯᠤᠭᠰᠠᠨ ᠲᠦᠷᠪᠡᠨ ᠨᠡᠶᠢᠳᠡᠯᠢᠭ ᠬᠡᠷᠡᠭ ᠢ ᠵᠠᠷᠯᠠᠨ ᠨᠡᠶᠢᠳᠡᠯᠡᠭᠰᠡᠨ ᠪᠠᠶᠢᠨ᠎ᠠ᠃ ᠡᠳᠡᠭᠡᠷ ᠨᠡᠶᠢᠳᠡᠯᠢᠭ ᠬᠡᠷᠡᠭ ᠨᠢ ᠬᠦᠬᠡᠬᠤᠲᠠ ᠶᠢᠨ ᠦᠯᠦ ᠬᠦᠳᠡᠯᠬᠦ ᠬᠦᠷᠦᠩᠭᠡ ᠶᠢ ᠲᠠᠩᠰᠠᠯᠠᠨ ᠲᠡᠮᠳᠡᠭᠯᠡᠬᠦ ᠲᠥᠪ ᠤᠨ ᠡᠷᠬᠢᠯᠡᠭᠴᠢ ᠵᠤᠤ ᠭᠦᠸᠧ ᠯᠢᠶᠠᠩ ᠲᠤᠭᠲᠠᠭᠠᠯ ᠠᠴᠠ ᠵᠦᠷᠢᠴᠡᠵᠦ ᠲᠤᠬᠠᠶᠢᠯᠠᠭᠰᠠᠨ ᠠᠵᠢᠯ ᠢᠶᠠᠨ ᠬᠦᠢᠴᠡᠳᠬᠡᠭᠰᠡᠨ ᠠᠰᠠᠭᠤᠳᠠᠯ᠃ ᠬᠦᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ  ᠪᠠ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ᠂ ᠦᠴᠤᠸᠠᠨ ᠰᠢᠶᠠᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠤᠳᠤᠩ ᠠᠷᠠᠳ ᠤᠨ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠪᠤᠯᠤᠨ ᠰᠠᠶᠢᠬᠠᠨ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠬᠢᠶ᠎ᠡ ᠶᠢᠨ ᠤᠯᠠᠨ ᠨᠡᠶᠢᠲᠡ ᠶᠢᠨ ᠲᠠᠪᠴᠠᠩ ᠳᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠭᠰᠡᠨ ᠦᠭᠡᠢ ᠠᠰᠠᠭᠤᠳᠠᠯ ᠵᠢᠴᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠲᠤᠭᠤᠷᠢᠨ ᠪᠠᠶᠢᠴᠠᠭᠠᠬᠤ ᠲᠤᠭᠤᠶᠢᠯᠠᠩ ᠳᠤ ᠬᠠᠭᠤᠷᠮᠠᠭ ᠮᠠᠲ᠋ᠧᠷᠢᠶᠠᠯ ᠬᠠᠩᠭᠠᠭᠰᠠᠨ ᠠᠰᠠᠭᠤᠳᠠᠯ᠃ ᠰᠠᠶᠢᠬᠠᠨ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶᠠᠨ ᠤ ᠲᠠᠪᠤᠳᠤᠭᠠᠷ ᠶᠡᠭᠡ ᠠᠩᠭᠢ ᠶᠢᠨ ᠲᠦᠷᠪᠡᠳᠦᠭᠡᠷ ᠲᠤᠮᠳᠠ ᠠᠩᠭᠢ ᠶᠢᠨ ᠲᠠᠷᠤᠭ᠎ᠠ ᠯᠢᠦ ᠸᠧᠢ ᠵᠢᠶᠠᠩ ᠤᠨ ᠪᠦᠳᠦᠭᠦᠯᠢᠭ ᠢᠶᠠᠷ ᠬᠠᠤᠯᠢ ᠬᠡᠷᠡᠭᠵᠢᠬᠦᠯᠦᠭᠰᠡᠨ ᠠᠰᠠᠭᠤᠳᠠᠯ᠃ ᠲᠤᠭᠲᠠᠬᠤ ᠰᠢᠶᠠᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠦᠭᠵᠢᠬᠦᠯᠬᠦ ᠲᠥᠪ ᠤᠨ ᠲᠡᠳ᠋ ᠡᠷᠬᠢᠯᠡᠭᠴᠢ ᠵᠣᠣ ᠬᠠᠢ ᠫᠢᠩ ᠤᠨ ᠦᠢᠯᠡᠴᠢᠯᠡᠭᠡ ᠬᠥᠷᠲᠡᠬᠦ ᠡᠳᠡᠭᠡᠳ ᠤᠨ ᠢᠶᠠᠨ ᠵᠤᠭᠤᠰ ᠮᠦᠩᠭᠦ ᠶᠢ ᠬᠦᠯᠢᠶᠡᠨ ᠠᠪᠤᠭᠰᠠᠨ ᠠᠰᠠᠭᠤᠳᠠᠯ ᠵᠡᠷᠭᠡ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号