︽ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ︵2019︶ ︾ ᠨᠡᠶᠢᠳᠡᠯᠡᠭᠳᠡᠪᠡ
ᠨᠡᠶᠢᠲᠡᠯᠡᠭᠰᠡᠨ ᠴᠠᠭ᠄
2020/12/16
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 12 ᠰᠠᠷ᠎ᠠ ᠶᠢᠨ 14 ᠤ ᠡᠳᠦᠷ ᠤᠨ ᠮᠡᠳᠡᠭᠡ ︵ᠰᠤᠷᠪᠤᠯᠵᠢᠯᠠᠭᠴᠢ ᠶᠢᠨ ᠰᠢᠨ︶ 12 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠵᠤ ᠪᠢᠴᠢᠭᠰᠡᠨ ︽ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ︵2019︶︾ ᠵᠢᠩᠬᠢᠨᠢ ᠪᠠᠷ ᠨᠡᠶᠢᠲᠡᠯᠡᠭᠳᠡᠪᠡ᠃ ᠡᠨᠡ ᠪᠣᠯ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢ 12 ᠵᠢᠯ ᠳᠠᠷᠠᠭᠠᠯᠠᠨ ᠤᠯᠤᠰ ᠤᠨ ᠳᠣᠲᠣᠭᠠᠳᠤ ᠭᠠᠳᠠᠭᠠᠳᠤ ᠳᠤ ᠨᠡᠶᠢᠲᠡᠯᠡᠵᠦ ᠪᠠᠶᠢᠭ᠎ᠠ ᠶᠠᠪᠤᠳᠠᠯ ᠪᠣᠯᠤᠨ᠎ᠠ᠃      ᠮᠡᠳᠡᠭᠦᠯᠦᠯᠲᠡ ᠳᠤ ᠨᠡᠶᠢᠲᠡ 4.6 ᠲᠦᠮᠡᠨ ᠥᠰᠥᠭ ᠲᠠᠢ᠂ ᠪᠥᠬᠦ ᠵᠣᠬᠢᠶᠠᠯ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠦ᠋ᠦᠱᠯᠠᠭᠤᠯᠤᠨ ᠨᠠᠶᠢᠳᠠᠪᠤᠷᠢᠵᠢᠭᠤᠯᠬᠤ ᠶᠢ ᠳᠣᠪᠤᠶᠢᠯᠭᠠᠵᠤ᠂ 2019 ᠣᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠯᠤᠭᠰᠠᠨ ᠦᠢᠯᠡᠳᠦᠯᠭᠡ ᠶᠢᠨ ᠠᠮᠵᠢᠯᠲᠠ ᠪᠦᠲᠦᠮᠵᠢ ᠶᠢ ᠰᠢᠰᠲ᠋ᠧᠮ ᠲᠠᠢ ᠪᠦᠭᠡᠳ ᠪᠥᠬᠦ ᠲᠠᠯ᠎ᠠ ᠪᠠᠷ ᠲᠤᠰᠬᠠᠭᠰᠠᠨ ᠪᠠᠶᠢᠨ᠎ᠠ᠃ ᠠᠭᠤᠯᠭ᠎ᠠ ᠳᠤᠨᠢ ᠡᠮᠦᠨᠡᠬᠢ ᠦᠭᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠠᠵᠢᠯ ᠪᠠ ᠬᠢᠨᠠᠯᠲᠠ ᠲᠠᠯᠪᠢᠬᠤ ᠠᠵᠢᠯ ᠤᠨ ᠲᠤᠬᠠᠢ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢᠨ ᠲᠤᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠤᠬᠠᠢ᠂ ᠰᠢᠭᠦᠨ ᠲᠠᠰᠤᠯᠬᠤ᠂ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ ᠪᠠ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠤᠨ ᠲᠤᠬᠠᠢ᠂ ᠬᠥᠮᠦᠨ ᠤ ᠡᠷᠬᠡ ᠶᠢ ᠬᠠᠤᠯᠢ ᠪᠠᠷ ᠵᠠᠰᠠᠬᠤ ᠪᠠᠲᠤᠯᠠᠭ᠎ᠠ ᠶᠢᠨ ᠲᠤᠬᠠᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠬᠠᠢ᠂ ᠠᠮᠢ ᠠᠬᠤᠢ ᠶᠢᠨ ᠪᠣᠯᠪᠠᠰᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ᠂ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠶᠢᠨ ᠤᠬᠠᠭᠠᠨ ᠤ ᠬᠥᠮᠦᠵᠢᠯ ᠪᠠ ᠬᠠᠤᠯᠢ ᠶᠢᠨ ᠤᠬᠠᠭᠠᠨ ᠤ ᠰᠤᠳᠤᠯᠭᠠᠨ ᠤ ᠲᠤᠬᠠᠢ᠂ ᠤᠯᠠᠨ ᠤᠯᠤᠰ ᠤᠨ ᠰᠣᠯᠢᠯᠴᠠᠭ᠎ᠠ ᠪᠠ ᠤᠯᠠᠨ ᠤᠯᠤᠰ ᠤᠨ ᠬᠠᠮᠲᠤᠷᠠᠯᠴᠠᠭ᠎ᠠ ᠶᠢᠨ ᠲᠤᠬᠠᠢ᠂ ᠲᠡᠭᠦᠰᠬᠡᠯ ᠤᠨ ᠦᠭᠡ ᠪᠠ ᠳᠠᠭᠠᠯᠳᠤᠭᠤᠯᠤᠯ ᠵᠡᠷᠭᠡ 12 ᠬᠡᠰᠡᠭ ᠪᠠᠭᠲᠠᠨ᠎ᠠ᠃      ᠮᠡᠳᠡᠭᠦᠯᠦᠯᠲᠡ ᠳᠤ᠂ 2019 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠬᠤ᠂ ᠠᠵᠤ ᠠᠬᠤᠢ ᠶᠢᠨ ᠡᠷᠡᠭᠦᠯ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠦᠢᠯᠡᠳᠦᠯ ᠦᠵᠡᠭᠦᠯᠵᠦ᠂ ᠰᠢᠨ᠎ᠡ ᠠᠮᠵᠢᠯᠲᠠ ᠣᠯᠵᠠᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠨᠡᠩ ᠲᠡᠭᠦᠯᠳᠡᠷᠵᠢᠵᠦ᠂ ᠴᠢᠬᠤᠯᠠ ᠬᠦᠷᠢᠶᠡᠨ ᠳᠠᠬᠢ ᠬᠠᠤᠯᠢ ᠲᠣᠭᠲᠠᠭᠠᠯᠲᠠ ᠶᠢᠨ ᠦᠷ᠎ᠡ ᠪᠦᠲᠦᠭᠡᠯ ᠲᠤᠪᠤᠶᠢᠮ᠎ᠠ ᠪᠣᠯᠪᠠ︔ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠪᠡ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠲᠤᠪᠤᠶᠢᠮ᠎ᠠ ᠦᠷ᠎ᠡ ᠪᠦᠲᠦᠮᠵᠢ ᠤᠯᠪᠠ︔ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ᠪᠥᠬᠦ ᠲᠠᠯ᠎ᠠ ᠶᠢᠨ ᠪᠦᠭᠡᠳ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠰᠢᠨ᠎ᠡ ᠪᠠᠶᠢᠷᠢᠰᠢᠯ ᠢ ᠲᠠᠰᠤᠷᠠᠯᠲᠠ ᠥᠬᠡᠶ ᠥᠷᠭᠡᠵᠢᠭᠦᠯᠵᠦ᠂ ᠲᠥᠪ ᠭᠤᠤᠯᠴᠢ ᠪᠠᠷ ᠬᠠᠤᠯᠢ ᠪᠠᠷᠢᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠵᠦ᠂ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠠᠭᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠲᠡᠭᠡᠭᠰᠢᠯᠡᠭᠦᠯᠪᠡ︔ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠨᠡᠶᠢᠭᠡᠮ ᠳᠠᠶᠠᠭᠠᠷ ᠤᠨ ᠬᠠᠤᠯᠢ ᠪᠠᠷ ᠵᠠᠰᠠᠬᠤ ᠦᠵᠡᠯᠲᠡ ᠲᠠᠨᠢᠯᠳᠠ ᠶᠢ ᠢᠯᠡᠳᠲᠡ ᠴᠢᠩᠭᠠᠷᠠᠭᠤᠯᠪᠠ᠃http://mongol.people.com.cn/15832839.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号