ᠥᠪᠥᠷ ᠮᠣᠩᠭᠤᠯ᠄ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠥᠬᠦ ᠣᠷᠣᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠶᠡᠷᠦᠩᠬᠡᠶ ᠣᠷᠳᠣ ᠪᠠᠷᠤᠭ 21 ᠲᠦᠮᠡᠨ ᠺᠢᠯᠣᠮᠧᠲᠷ ᠲᠤ ᠬᠦᠷᠬᠦ ᠪᠤᠯᠤᠨ᠎ᠠ
ᠨᠡᠶᠢᠲᠡᠯᠡᠭᠰᠡᠨ ᠴᠠᠭ᠄
2020/12/16
     ᠠᠷᠠᠳ ᠤᠨ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 14 ᠤ ᠡᠳᠦᠷ ᠤᠨ ᠮᠡᠳᠡᠭᠡ ︵ᠴᠢ  ᠬᠤᠤ ᠨᠠᠨ︶ 12 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ︽ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠳ᠋ᠦᠩᠨᠡᠯᠲᠡ᠂ ︿ᠠᠷᠪᠠᠨ ᠳᠥᠷᠪᠡᠳᠦᠭᠡᠷ ᠲᠠᠪᠤᠨ ᠵᠢᠯ  ﹀ ᠤᠨ ᠬᠤᠭᠤᠴᠠᠭ᠎ᠠ ᠡᠬᠢᠯᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ︾ ᠬᠥᠬᠡᠬᠤᠲᠠ ᠳᠤ ᠬᠤᠷᠠᠯᠳᠤᠪᠠ᠃      ᠲᠠᠨᠢᠯᠴᠠᠭᠤᠯᠤᠭᠰᠠᠨ ᠢ ᠦᠨᠳᠦᠰᠦᠯᠡᠪᠡᠯ᠂ 2020 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠪᠥᠬᠦ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢᠭᠡᠨᠲᠡ 2990 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠡᠴᠦᠰ ᠪᠣᠯᠬᠤ ᠳᠤ ᠪᠠᠷᠤᠭ 3000 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2968 ᠳ᠋ᠦᠩᠰᠢᠭᠤᠷ ᠲᠥᠭᠦᠷᠢᠭ ᠤᠨ ᠲᠥᠯᠥᠪᠵᠢᠭᠦᠯᠭᠡ ᠶᠢᠨ ᠬᠠᠷᠠᠯᠲᠠ ᠪᠠᠨ 101 % ᠪᠠᠷ ᠪᠡᠶᠡᠯᠡᠭᠦᠯᠬᠦ ᠪᠤᠯᠤᠨ᠎ᠠ᠃ ᠵᠢᠱᠢᠯᠲᠡ ᠪᠠᠷ ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠶᠡᠷᠦᠩᠬᠡᠶ ᠣᠷᠳᠣ 21 ᠲᠦᠮᠡᠨ ᠺᠢᠯᠣᠮᠧᠲᠷ ᠲᠤ ᠬᠦᠷᠴᠦ᠂ 2015 ᠣᠨ ᠤ ᠰᠡᠭᠦᠯᠴᠢ ᠶᠢᠨ 17 . 5 ᠲᠦᠮᠡᠨ ᠺᠢᠯᠣᠮᠧᠲᠷ ᠠᠴᠠ ᠪᠠᠨ 3 . 5 ᠲᠦᠮᠡᠨ ᠺᠢᠯᠣᠮᠧᠲᠷ ᠨᠡᠮᠡᠭᠳᠡᠵᠦ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠲᠦᠷᠭᠡᠨ ᠲᠣᠤᠷᠵᠢᠬᠤ ᠪᠣᠯᠤᠨ᠎ᠠ᠃      ᠣᠶᠢᠯᠠᠭᠠᠭᠰᠠᠨ ᠢᠶᠠᠷ᠂ ᠵᠢᠯ ᠤᠨ ᠡᠴᠦᠰ ᠪᠣᠯᠬᠤ ᠳᠤ᠂ ᠪᠥᠬᠦ ᠣᠷᠣᠨ ᠤ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠪᠠᠷᠤᠭ 8650 ᠺᠢᠯᠣᠮᠧᠲᠷ ᠲᠤ ᠬᠦᠷᠴᠦ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠤᠷᠳᠤ ᠪᠠᠷᠤᠭ 1 . 9 ᠲᠦᠮᠡᠨ ᠺᠢᠯᠣᠮᠧᠲᠷ ᠲᠤ ᠬᠦᠷᠴᠦ᠂ ᠪᠣᠶ ᠪᠥᠬᠦᠶ ᠬᠤᠰᠢᠭᠤ ᠰᠢᠶᠠᠨ ᠳᠤ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠦᠯᠬᠦ᠂ ᠪᠣᠭᠤᠮᠲᠠ ᠳᠤ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠦᠯᠬᠦ᠂ ᠭᠤᠤᠯᠳᠠᠯᠭ᠎ᠠ ᠲᠠᠢ ᠪᠣᠭᠤᠮᠲᠠ ᠳᠤ ᠨᠢᠭᠡᠳᠦᠭᠡᠷ ᠳᠡᠰ ᠤᠨ ᠵᠠᠰᠠᠮᠠᠯ ᠵᠠᠮ ᠨᠡᠪᠲᠡᠷᠡᠭᠦᠯᠬᠦ ᠶᠢ ᠪᠡᠶᠡᠯᠡᠭᠦᠯᠬᠦ ᠪᠤᠯᠦᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠳᠤ 6.55 ᠲᠦᠮᠡᠨ ᠺᠢᠯᠣᠮᠧᠲᠷ ᠤᠷᠳᠤ ᠵᠠᠰᠠᠮᠠᠯ ᠵᠠᠮ ᠰᠢᠨ᠎ᠡ  ᠪᠠᠷ ᠲᠠᠪᠢᠰᠦᠭᠰᠡᠨ ᠪᠤᠶᠤ ᠰᠢᠨᠡᠳᠭᠡᠨ ᠵᠠᠰᠠᠵᠠᠢ  ᠃ 2019 ᠣᠨ ᠤ ᠡᠴᠦᠰ ᠪᠣᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠣᠷᠳᠣ16.5 ᠲᠦᠮᠡᠨ ᠺᠢᠯᠣᠮᠧᠲᠷ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠰᠡᠭᠦᠯᠴᠢ ᠶᠢᠨ ᠬᠢ ᠠᠴᠠ 2 ᠲᠦᠮᠡᠨ ᠺᠢᠯᠣᠮᠧᠲᠷ ᠨᠡᠮᠡᠭᠳᠡᠪᠡ᠃ ᠳᠡᠪᠢᠰᠴᠦ ᠵᠠᠰᠠᠬᠰᠠᠨ ᠵᠠᠰᠠᠮᠠᠯ ᠵᠠᠮ ᠤᠨ ᠣᠷᠳᠣ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠰᠡᠭᠦᠯᠴᠢ ᠶᠢᠨ ᠬᠢ ᠠᠴᠠ 14.7 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ 12.1 ᠲᠦᠮᠡᠨ ᠺᠢᠯᠣᠮᠧᠲᠷ ᠲᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠨᠥᠬᠦᠴᠡᠯ ᠢᠯᠡᠳᠲᠡ ᠰᠠᠶᠢᠵᠢᠷᠠᠪᠠ᠃      ᠲᠡᠭᠡᠭᠡᠪᠦᠷᠢ ᠶᠢᠨ ᠥᠷᠲᠡᠭᠡ ᠲᠠᠯᠠᠪᠤᠷ ᠪᠠ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠠᠯ᠎ᠠ ᠪᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠨᠡᠶᠢᠲᠡ 90 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠳᠣᠬᠠᠨ ᠳᠤ ᠪᠥᠬᠦ ᠣᠷᠣᠨ ᠳᠤ ᠨᠡᠶᠢᠲᠡ ᠵᠡᠷᠭᠡ ᠳᠡᠰ ᠲᠤ ᠬᠦᠷᠦᠭᠰᠡᠨ 724 ᠠᠶᠠᠨᠴᠢᠳ ᠤᠨ ᠵᠦᠭᠡᠭᠡᠪᠦᠷᠢ ᠶᠢᠨ ᠥᠷᠲᠡᠭᠡ᠂ ᠪᠠᠷᠠᠭᠠᠨ ᠤ ᠲᠡᠭᠡᠭᠡᠪᠦᠷᠢ ᠶᠢᠨ 68 ᠥᠷᠲᠡᠭᠡ ᠲᠠᠯᠠᠪᠤᠷ᠂ ᠠᠶᠠᠨᠴᠢᠳ ᠤᠨ ᠵᠦᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ 8 ᠭᠤᠤᠯᠳᠠᠯᠭ᠎ᠠ ᠲᠠᠢ ᠶᠡᠷᠦᠩᠭᠡᠢ ᠬᠦᠢᠰᠦ ᠥᠷᠲᠡᠭᠡ ᠲᠠᠯᠠᠪᠤᠷ ᠪᠠᠶᠢᠵᠤ᠂ ᠪᠥᠬᠦ ᠣᠷᠣᠨ ᠤ ᠭᠤᠤᠯ ᠮᠥᠷᠡᠨ ᠤ ᠠᠶᠠᠯᠠᠯ ᠤᠨ ᠶᠡᠷᠦᠩᠬᠡᠶ ᠵᠠᠮ ᠤᠨ ᠣᠷᠳᠣ 2403 ᠺᠢᠯᠣᠮᠧᠲᠷ ᠪᠠᠶᠢᠵᠤ᠂ ᠲᠠᠰ ᠳᠠᠪᠬᠤᠷᠭ᠎ᠠ ᠨᠢ ᠲᠣᠳᠣᠷᠬᠠᠶ᠂ ᠬᠠᠷᠢᠯᠴᠠᠨ ᠦᠢᠯᠡᠳᠦᠯᠴᠡᠭᠰᠡᠨ ᠡᠮᠬᠢ ᠲᠢᠭᠯᠢᠮ ᠲᠠᠢ ᠠᠶᠠᠨᠴᠢᠳ ᠤᠨ ᠵᠦᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠪᠠᠶᠢᠷᠢᠰᠢᠯ ᠢ ᠪᠣᠶ ᠪᠣᠯᠭᠠᠪᠠ᠃      ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠠᠵᠢᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠡᠵᠡᠩᠨᠡᠯᠲᠡ ᠶᠢᠨ ᠴᠢᠨᠠᠷᠲᠠᠶ ᠰᠦᠶ᠋ᠳᠬᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠪᠡᠶᠡᠯᠡᠭᠦᠯᠵᠦ᠂ ᠲᠦᠷᠭᠡᠨ ᠤ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠶ᠋ᠳᠬᠡᠯ ᠬᠤᠷᠢᠶᠠᠬᠤ 19 ᠥᠷᠲᠡᠭᠡ ᠶᠢ ᠬᠦᠴᠦᠨ ᠥᠬᠡᠶ ᠪᠣᠯᠭᠠᠵᠤ᠂ ᠲᠦᠷᠭᠡᠨ ᠤ ᠵᠠᠰᠠᠮᠠᠯ ᠵᠠᠮ ᠤᠨ ᠭᠠᠷ ᠤᠲᠠᠰᠤᠨ ᠤ ᠰᠢᠯᠵᠢᠮᠡᠯ ᠲᠤᠭᠠᠴᠠᠭ᠎ᠠ ᠬᠢᠬᠦ ᠮᠡᠷᠭᠡᠵᠢᠯ ᠪᠠ ETC ᠶᠢ ᠨᠡᠶᠢᠳᠡᠮ ᠭᠡᠷᠡᠭᠯᠡᠬᠦ ᠶᠢ ᠪᠡᠶᠡᠯᠡᠭᠦᠯᠪᠡ᠃ ᠤᠯᠤᠰ ᠤᠨ ᠪᠠ ᠮᠤᠵᠢ ᠶᠢᠨ ᠡᠩ ᠤᠨ ᠭᠤᠣᠯ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ 351 ᠪᠠᠶᠢᠭᠤᠯᠵᠤ᠂ ᠲᠦᠷᠭᠡᠨ ᠤ ᠵᠠᠮ ᠤᠨ ᠵᠢᠯᠣᠭᠤᠴᠢ ᠶᠢᠨ ᠭᠡᠷ ᠢ 5 ᠪᠠᠶᠢᠭᠤᠯᠵᠤ᠂ ᠲᠠᠪᠤᠨ ᠣᠳᠣᠨ ᠲᠡᠰ ᠤᠨ ᠦᠢᠯᠡᠴᠢᠯᠡᠭᠡᠨ ᠤ ᠲᠣᠭᠤᠷᠢᠭ ᠢ 9 ᠬᠤᠣᠰ᠂ ᠳᠥᠷᠪᠡᠨ ᠣᠳᠣᠨ ᠲᠡᠰ ᠤᠨ ᠦᠢᠯᠡᠴᠢᠯᠡᠭᠡᠨ ᠤ ᠲᠣᠭᠤᠷᠢᠭ 18 ᠬᠤᠣᠰ᠂ ᠭᠤᠷᠪᠠᠨ ᠣᠳᠣᠨ ᠲᠡᠰ ᠤᠨ ᠦᠢᠯᠡᠴᠢᠯᠡᠭᠡᠨ ᠤ ᠲᠣᠭᠤᠷᠢᠭ 26 ᠬᠤᠣᠰ ᠪᠠᠶᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠪᠠ᠃ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠣᠯᠠᠨ ᠤᠯᠤᠰ ᠤᠨ ᠵᠠᠮ ᠱᠤᠭᠤᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ 42 ᠵᠤᠷᠪᠤᠰ ᠱᠤᠭᠤᠮ ᠢ ᠨᠡᠪᠲᠡᠷᠡᠭᠦᠯᠦᠨ᠂ ᠬᠢᠯᠢ ᠶᠢᠨ ᠪᠣᠭᠤᠮᠲᠠ ᠪᠠᠷ ᠵᠠᠩᠭᠢᠯᠠᠭ᠎ᠠ ᠴᠡᠭ ᠪᠣᠯᠭᠠᠭᠰᠠᠨ᠂ ᠣᠷᠣᠰ ᠮᠣᠩᠭᠤᠯ ᠤᠨ ᠬᠢᠯᠢ ᠶᠢᠨ ᠣᠷᠣᠨ ᠤ ᠭᠤᠤᠯᠳᠠᠯᠭ᠎ᠠ ᠲᠠᠢ ᠬᠤᠲᠠ ᠶᠢ ᠬᠠᠮᠤᠷᠤᠭᠰᠠᠨ ᠵᠠᠮ ᠲᠡᠭᠡᠭᠡᠪᠦᠷᠢ ᠶᠢᠨ ᠲᠣᠤᠷ ᠢ ᠦᠨᠳᠦᠰᠦᠨ ᠳᠡᠭᠡᠨ ᠪᠦᠷᠢᠯᠳᠦᠬᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠠᠴᠠ ᠨᠠᠰᠢ᠂ ᠣᠯᠠᠨ ᠤᠯᠤᠰ ᠤᠨ ᠵᠠᠮ ᠲᠡᠭᠡᠭᠡᠪᠦᠷᠢ ᠶᠢᠨ ᠠᠶᠠᠨᠴᠢᠳ ᠢ ᠵᠦᠭᠡᠭᠡᠪᠦᠷᠢᠯᠡᠬᠦ ᠬᠡᠮᠵᠢᠶ᠎ᠡ ᠨᠡᠶᠢᠲᠡ 1318.8 ᠲᠦᠮᠡᠨ ᠬᠥᠮᠦᠨ ᠤᠳᠠᠭ᠎ᠠ ᠳᠤ ᠬᠦᠷᠴᠦ᠂ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠨᠡᠶᠢᠲᠡ 1.7 ᠳ᠋ᠦᠩᠰᠢᠭᠤᠷ ᠲᠣᠨ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 19.6 %᠂ 50.1 % ᠪᠠᠷ ᠨᠡᠮᠡᠭᠳᠡᠪᠡ᠃ ᠳᠣᠬᠢᠭᠤᠷ ᠲᠤᠯᠤᠭᠠᠨ ᠣᠲᠣ ᠨᠡᠷᠡᠮᠵᠢᠲᠦ ᠠᠶᠠᠯᠠᠯ ᠵᠠᠯᠠᠬᠤ ᠮᠡᠳᠡᠭᠡ ᠬᠤᠯᠪᠣᠭᠠᠨ ᠤ ᠰᠢᠰᠲ᠋ᠧᠮ᠂ ᠵᠢᠯᠣᠭᠤᠴᠢ ᠥᠬᠡᠶ ᠨᠢᠰᠬᠡᠯ ᠵᠡᠷᠭᠡ ᠰᠢᠨ᠎ᠡ ᠮᠡᠷᠭᠡᠵᠢᠯ ᠢ ᠠᠵᠢᠯ ᠲᠥᠷᠥᠯ ᠯᠦᠭᠡ ᠭᠦᠨᠵᠡᠭᠡᠶ ᠠᠭᠤᠰᠤᠯᠴᠠᠭᠤᠯᠤᠨ ᠬᠡᠷᠡᠭᠯᠡᠵᠦ᠂ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠠᠢ᠃http://mongol.people.com.cn/15832841.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号