ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 12 ᠰᠠᠷ᠎ᠠ ᠶᠢᠨ 14 ᠤ ᠡᠳᠦᠷ ᠤᠨ ᠮᠡᠳᠡᠭᠡ ︵ᠸᠠᠩ ᠬᠤᠶ︶ | 12 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ | ᠭᠤᠭᠴᠤᠭ᠎ᠠ ᠶᠢ ᠪᠠᠭᠠᠰᠬᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ︿ᠪᠠᠭᠤᠯᠭᠠᠬᠤ ᠬᠠᠮᠢᠶᠠᠷᠬᠤ ᠦᠢᠯᠡᠴᠢᠯᠡᠭᠦ﹀ ᠥᠭᠡᠷᠡᠴᠢᠯᠡᠯᠲᠡ ᠪᠠᠷ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠠᠵᠤ ᠠᠬᠤᠶᠢᠯᠠᠯ ᠳᠤ ᠲᠥᠬᠦᠮ ᠦᠵᠡᠭᠦᠯᠬᠦ ᠬᠤᠷᠢᠨ | ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ | 2021 ᠣᠨ ᠤ 1 ᠰᠠᠷ᠎ᠠ ᠶᠢᠨ 1 ᠤ ᠡᠳᠦᠷ ᠠᠴᠠ ᠪᠥᠬᠦ ᠣᠷᠣᠨ ᠳᠤ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ | ᠲᠦᠮᠡᠨ ᠪᠠ ᠠᠵᠤ ᠠᠬᠤᠶᠢᠯᠠᠯ ᠤᠨ ᠠᠵᠢᠯ ᠬᠢᠵᠦ ᠦᠢᠯᠡᠰ ᠪᠤᠰᠬᠠᠬᠤ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ | ᠦᠵᠡᠭᠦᠯᠬᠦ ᠪᠣᠯᠤᠨ᠎ᠠ᠃ | ᠮᠠᠲ᠋ᠧᠷᠢᠶᠠᠯ ᠢ ᠬᠠᠰᠤᠬᠤ ᠲᠠᠯ᠎ᠠ ᠪᠠᠷ 8 ᠠᠷᠭ᠎ᠠ ᠬᠡᠮᠵᠢᠶ᠎ᠡ ᠳᠤᠷᠠᠳᠪᠠ᠂ ᠵᠢᠱᠢᠶᠡᠯᠡᠪᠡᠯ ᠡᠷᠦᠬᠡ ᠠᠮᠠ | ᠣᠷᠣᠭᠤᠯᠬᠤ ᠭᠠᠷ ᠭᠦᠢᠴᠡᠳᠬᠡᠯ ᠢ ᠬᠠᠰᠤᠵᠤ ᠬᠡᠯᠲᠦᠷᠢᠭᠦᠯᠬᠦ᠂ ᠣᠷᠣᠨ ᠤ ᠳᠣᠲᠣᠷᠠᠬᠢ ᠠᠶᠢᠮᠠᠭ ᠬᠤᠲᠠ ᠠᠯᠤᠰᠯᠠᠨ | ᠡᠷᠦᠬᠡ ᠠᠮᠠ ᠰᠢᠯᠵᠢᠭᠦᠯᠬᠦ ᠳᠤ ︽ᠨᠢᠭᠡ ᠥᠷᠲᠡᠭᠡ ᠮᠠᠶ᠋ᠢᠭ︾ ᠢᠶᠠᠷ ᠭᠦᠢᠴᠡᠳᠬᠡᠭᠦ᠂ ᠬᠤᠪᠢ ᠶᠢᠨ ᠮᠠᠰᠢᠨ ᠲᠡᠷᠭᠡ ᠶᠢ | ᠳᠠᠩᠰᠠᠯᠠᠭᠤᠯᠬᠤ ᠳᠤ ᠪᠥᠬᠦ ᠣᠷᠣᠨ ᠳᠤ ᠨᠡᠶᠢᠳᠡᠮ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠠᠪᠴᠤ᠂ ᠣᠯᠠᠨ | ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ ᠬᠠᠩᠭᠠᠬᠤ ᠴᠢᠬᠤᠯᠠᠲᠠᠶ ᠮᠠᠲ᠋ᠧᠷᠢᠶᠠᠯ ᠢ ᠤᠯᠠᠮ ᠨᠢᠭᠡ ᠠᠯᠬᠤᠮ | ᠪᠠᠭᠠᠰᠬᠠᠵᠤ᠂ ︽ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠮᠠᠲ᠋ᠧᠷᠢᠶᠠᠯ︾ ᠢ ᠲᠦᠢᠯᠪᠤᠷᠢᠲᠠᠶ ᠢᠯᠭᠠᠷᠠᠭᠤᠯᠵᠤ᠂ | ᠮᠠᠲ᠋ᠧᠷᠢᠶᠠᠯ ᠢ ᠬᠠᠰᠤᠬᠤ᠂ ᠭᠡᠷᠡᠴᠢ ᠶᠢ ᠬᠠᠰᠤᠬᠤ ᠶᠢ ᠶᠡᠭᠡ ᠪᠠᠷ ᠠᠬᠢᠭᠤᠯᠵᠤ᠂ ᠠᠳᠠᠯᠢ ᠨᠢᠭᠡ ᠤᠴᠢᠷ ᠶᠠᠪᠤᠳᠠᠯ ᠢ | ᠵᠥᠷᠢᠶ᠎ᠡ ᠥᠬᠡᠶ ᠪᠠᠷ ᠭᠦᠢᠴᠡᠳᠬᠡᠬᠦ ᠶᠢ ᠪᠡᠶᠡᠯᠡᠭᠦᠯᠪᠡ᠃ | ᠭᠤᠭᠴᠤᠭ᠎ᠠ ᠶᠢ ᠪᠠᠭᠠᠰᠬᠠᠬᠤ ᠲᠠᠯ᠎ᠠ ᠪᠠᠷ 4 ᠠᠷᠭ᠎ᠠ ᠬᠡᠮᠵᠢᠶ᠎ᠡ ᠳᠤᠷᠠᠳᠪᠠ᠂ ᠵᠢᠱᠢᠶᠡᠯᠡᠪᠡᠯ᠂ ᠣᠷᠣᠨ ᠤ | ᠳᠣᠲᠣᠷᠠᠬᠢ ᠠᠮᠤᠷ ᠢ ᠬᠠᠮᠠᠭᠠᠯᠠᠬᠤ ᠬᠤᠪᠢᠶᠠᠷᠢ ᠺᠣᠮᠫᠠᠨᠢ ᠶᠢᠨ ᠳᠠᠩᠰᠠᠯᠠᠭᠤᠯᠤᠯᠲᠠ ᠶᠢ ᠬᠦᠴᠦᠨ ᠥᠬᠡᠶ ᠪᠣᠯᠭᠠᠬᠤ᠂ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠳᠠᠭᠠᠳᠬᠠᠯ ᠤᠨ | ᠺᠣᠮᠫᠠᠨᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠬᠤ᠂ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ᠢᠨᠲ᠋ᠧᠷ ᠰᠦᠯᠵᠢᠶᠡᠨ ᠤ ᠲᠠᠪᠴᠠᠩ ᠤᠨ ᠦᠢᠯᠡᠴᠢᠯᠡᠭᠡᠨ ᠤ | ᠠᠷᠭ᠎ᠠ ᠵᠠᠮ ᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠡᠷᠡᠭ ᠶᠠᠪᠤᠳᠠᠯ ᠰᠢᠢᠳᠪᠦᠷᠢᠯᠡᠬᠦ ᠭᠤᠭᠴᠤᠭ᠎ᠠ ᠶᠢ | ᠴᠥᠭᠡᠳᠬᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠲᠦᠮᠡᠨ ᠤ | ᠬᠡᠷᠡᠭ ᠭᠦᠢᠴᠡᠳᠬᠡᠬᠦ ᠶᠢ ᠬᠢᠨᠠᠨ ᠵᠥᠪᠰᠢᠶᠡᠷᠡᠬᠦ ᠳᠤ ᠶᠠᠷᠰᠢᠭ ᠲᠦᠪᠡᠭᠲᠡᠶ᠂ ᠨᠠᠰᠢ ᠴᠠᠰᠢ ᠭᠦᠶᠦᠬᠦ᠂ ᠣᠯᠠᠨ ᠲᠠᠯ᠎ᠠ ᠳᠤ | ᠭᠦᠶᠦᠬᠦ᠂ ᠳᠥᠭᠦᠮ ᠦᠭᠡᠢ ᠪᠠᠶᠢᠭ᠎ᠠ ᠵᠡᠷᠭᠡ ᠠᠰᠠᠭᠤᠳᠠᠯ ᠢ ᠰᠢᠢᠳᠪᠦᠷᠢᠯᠡᠪᠡ᠃ | ᠴᠠᠭ ᠤᠨ ᠬᠢᠵᠠᠭᠠᠷ ᠢ ᠬᠠᠰᠤᠬᠤ ᠲᠠᠯ᠎ᠠ ᠪᠠᠷ ᠠᠷᠭ᠎ᠠ ᠬᠡᠮᠵᠢᠶ᠎ᠡ ᠳᠤᠷᠠᠳᠪᠠ᠂ ᠵᠢᠱᠢᠶᠡᠯᠡᠪᠡᠯ᠂ ᠥᠪᠡᠷ ᠢᠶᠠᠨ | ᠡᠯᠰᠡᠭᠰᠡᠨ ᠠᠮᠤᠷ ᠢ ᠬᠠᠮᠠᠭᠠᠯᠠᠬᠴᠢ ᠶᠢᠨ ᠳᠡᠩᠰᠡᠯᠡᠯᠲᠡ ᠵᠡᠷᠭᠡ ᠲᠤᠬᠠᠶᠢᠯᠠᠭᠰᠠᠨ ᠠᠵᠢᠯ ᠢ ᠤᠤᠯ ᠳᠠᠭᠠᠨ 20 ᠡᠳᠦᠷ | ᠪᠠᠶᠢᠬᠰᠠᠨ ᠠᠴᠠ ᠳᠠᠷᠤᠶ ᠭᠦᠢᠴᠡᠳᠬᠡᠬᠦ ᠪᠣᠯᠭᠠᠨ ᠪᠣᠭᠤᠨᠢᠰᠬᠠᠵᠤ᠂ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠤᠨ | ᠲᠠᠮᠠᠭ᠎ᠠ ᠰᠡᠶᠢᠯᠵᠦ ᠦᠢᠯᠡᠳᠬᠦ ᠴᠠᠭ ᠢ 3 ᠡᠳᠦᠷ ᠪᠠᠶᠢᠭᠰᠠᠨ ᠠᠴᠠ 1 ᠡᠳᠦᠷ ᠪᠣᠯᠭᠠᠨ ᠪᠣᠭᠤᠨᠢᠰᠬᠠᠵᠤ᠂ ᠣᠷᠣᠨ ᠤ | ᠳᠣᠲᠣᠷᠠᠬᠢ ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠭᠤᠶᠤᠴᠢᠯᠠᠨ ᠭᠦᠢᠴᠡᠳᠬᠡᠬᠦ | ᠴᠠᠬ ᠬᠤᠭᠤᠴᠠᠭ᠎ᠠ ᠶᠢ 7 ᠡᠳᠦᠷ ᠪᠠᠶᠢᠭᠰᠠᠨ ᠠᠴᠠ 5 ᠡᠳᠦᠷ ᠪᠣᠯᠭᠠᠨ ᠪᠣᠭᠤᠨᠢᠰᠬᠠᠵᠤ᠂ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠲᠠᠯᠠᠪᠤᠷ ᠭᠠᠵᠠᠷ ᠪᠠ ᠲᠤᠬᠠᠶᠢᠯᠠᠭᠰᠠᠨ ᠠᠵᠢᠯ ᠤᠨ | ᠬᠥᠮᠥᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠥᠰᠦᠯ ᠢ ᠬᠢᠨᠠᠨ ᠵᠥᠪᠰᠢᠶᠡᠷᠡᠬᠦ ᠵᠢᠴᠢ ᠢᠨᠵᠧᠨᠧᠷᠢᠩ ᠢ ᠰᠢᠯᠭᠠᠨ ᠠᠪᠬᠤ ᠴᠠᠭ ᠤᠨ ᠬᠢᠵᠠᠭᠠᠷ ᠢ 20 ᠡᠳᠦᠷ | ᠪᠠᠶᠢᠭᠰᠠᠨ ᠠᠴᠠ 15 ᠡᠳᠦᠷ ᠪᠣᠯᠭᠠᠨ ᠪᠣᠭᠤᠨᠢᠰᠬᠠᠵᠤ᠂ ᠤᠴᠢᠷ ᠶᠠᠪᠤᠳᠠᠯ ᠢ ᠭᠦᠢᠴᠡᠳᠬᠡᠬᠦ ᠠᠮᠠᠯᠠᠯᠲᠠ ᠬᠢᠬᠦ | ᠴᠠᠭ ᠤᠨ ᠬᠢᠵᠠᠭᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠵᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠴᠠᠭ ᠤᠨ ᠥᠪᠡᠷ ᠤᠨ ᠥᠷᠲᠡᠭ ᠢ ᠠᠷᠪᠢᠯᠠᠭᠰᠠᠨ ᠪᠠᠶᠢᠨ᠎ᠠ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠯ᠎ᠠ ᠪᠠᠷ 4 ᠠᠷᠭ᠎ᠠ ᠬᠡᠮᠵᠢᠶ᠎ᠡ ᠳᠤᠷᠠᠳᠪᠠ᠂ | ᠵᠢᠱᠢᠶᠡᠯᠡᠪᠡᠯ ᠣᠨᠴᠠᠭᠠᠶ ᠠᠵᠢᠯ ᠲᠥᠷᠥᠯ ᠤᠨ ᠵᠥᠪᠰᠢᠶᠡᠷᠡᠯ ᠬᠢᠭᠦ ᠳᠤ ᠮᠡᠳᠡᠭᠳᠡᠬᠦ ᠠᠮᠠᠯᠠᠯᠲᠠ ᠶᠢᠨ ᠲᠦᠷᠢᠮ ᠢ | ᠬᠡᠷᠡᠭᠵᠢᠭᠦᠯᠭᠦ᠂ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠳᠤ ᠰᠠᠭᠠᠳ ᠥᠬᠡᠶ ᠨᠡᠪᠲᠡᠷᠡᠬᠦ ᠵᠠᠮ ᠭᠠᠷᠭᠠᠬᠤ᠂ | ᠬᠢᠯᠢ ᠪᠠᠷ ᠣᠷᠣᠵᠤ ᠭᠠᠷᠬᠤ ᠪᠠᠴᠢᠮ ᠦᠨᠡᠮᠯᠡᠯ ᠢ ᠭᠦᠢᠴᠡᠳᠬᠡᠬᠦ ᠳᠤ ᠰᠠᠭᠠᠳ ᠥᠬᠡᠶ ᠨᠡᠪᠲᠡᠷᠡᠬᠦ ᠵᠠᠮ ᠭᠠᠷᠭᠠᠬᠤ ᠵᠡᠷᠭᠡ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠲᠠᠭᠤᠳᠠᠯ ᠲᠠᠢ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠰᠠᠭᠠᠳ | ᠥᠬᠡᠶ ᠨᠡᠪᠲᠡᠷᠡᠬᠦ ᠵᠠᠮ ᠭᠠᠷᠭᠠᠬᠤ ᠵᠡᠷᠭᠡ ᠣᠨᠴᠠᠯᠢᠭᠲᠤ ᠦᠢᠯᠡᠴᠢᠯᠡᠭᠡ ᠶᠢ ᠤᠯᠠᠮ ᠨᠢᠭᠡ ᠠᠯᠬᠤᠮ ᠳᠡᠯᠭᠡᠷᠡᠭᠦᠯᠵᠦ᠂ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ 6 ᠠᠷᠭ᠎ᠠ ᠬᠡᠮᠵᠢᠶ᠎ᠡ | ᠳᠤᠷᠠᠳᠪᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠳᠤᠮᠳᠠ ᠵᠢᠵᠢᠭ ᠪᠠᠯᠠ | ᠣᠷᠣᠭᠤᠯᠤᠭᠴᠢᠳ ᠢ ᠬᠠᠮᠠᠭᠠᠯᠠᠬᠤ᠂ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠬᠦ ᠵᠡᠷᠭᠡ ᠠᠷᠭ᠎ᠠ ᠬᠡᠮᠵᠢᠶ᠎ᠡ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠷᠢᠰ ᠪᠠᠶᠢᠷᠢᠯᠠᠭᠤᠯᠤᠯᠲᠠ ᠶᠢ ᠲᠦ᠋ᠦᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠡ᠊ᠨᠡ ᠨᠢ ᠠᠵᠤ ᠠᠬᠤᠶᠢᠯᠠᠯ ᠳᠤ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ | ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠥᠪᠥᠷ ᠮᠣᠩᠭᠤᠯ ᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠬᠠᠮᠠᠭᠠᠯᠠᠪᠠ᠃ ᠡᠭᠦᠨ ᠳᠤ ᠭᠤᠣᠯᠳᠠᠭᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠲᠤ | ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠰᠢᠭᠦᠯᠬᠦ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ | ᠬᠠᠤᠯᠢ ᠶᠣᠰᠣᠭᠠᠷ ᠪᠣᠯᠭᠤᠮᠵᠢᠲᠠᠢ ᠪᠠᠷ ᠠᠪᠴᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ | ᠪᠠᠲᠤᠯᠠᠬᠤ︔ ᠠᠵᠤ ᠠᠬᠤᠶ ᠶᠢᠨ ᠬᠦᠨᠳᠦ ᠶᠡᠭᠡ ᠶᠠᠯᠠᠲᠤ ᠬᠡᠷᠡᠭ ᠲᠤ ᠬᠤᠯᠪᠣᠭᠳᠠᠭᠰᠠᠨ ᠬᠤᠬᠢᠷᠠᠯ ᠠᠮᠰᠠᠭᠰᠠᠨ ᠠᠵᠤ | ᠠᠬᠤᠶᠢᠯᠠᠯ ᠳᠤ ᠬᠠᠷᠢᠭᠤ ᠰᠤᠷᠪᠤᠯᠵᠢᠯᠠᠬᠤ ᠲᠦᠷᠢᠮ ᠢ ᠬᠡᠷᠡᠭᠵᠢᠭᠦᠯᠬᠦ︔ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠡᠷᠬᠡ ᠲᠡᠭᠰᠢ ᠪᠠᠷ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠭᠤᠯᠭ᠎ᠠ ᠪᠠᠭᠲᠠᠨ᠎ᠠ᠃ | http://mongol.people.com.cn/15832842.html | | | | | | |