ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠲᠠᠰᠤᠷᠠᠯᠲᠠ ᠥᠬᠡᠶ ᠭᠦᠢᠴᠡᠳ ᠲᠣᠬᠢᠷᠠᠭᠤᠯᠪᠠ
ᠨᠡᠶᠢᠲᠡᠯᠡᠭᠰᠡᠨ ᠴᠠᠭ᠄
2020/12/16
     ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 14 ᠤ ᠡᠳᠦᠷ ᠤᠨ ᠮᠡᠳᠡᠭᠡ ᠰᠤᠷᠪᠤᠯᠵᠢᠯᠠᠭᠴᠢ 14 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠲᠠᠰᠤᠷᠠᠯᠲᠠ ᠥᠬᠡᠶ ᠬᠦᠢᠴᠡᠳ ᠲᠤᠬᠢᠷᠠᠭᠤᠯᠤᠬᠰᠠᠨ ᠪᠦᠭᠡᠳ ᠰᠢᠯᠢᠳᠡᠭ ᠢ ᠲᠤᠬᠢᠷᠠᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠭ᠎ᠠ ᠶᠢ 2015 ᠣᠨ ᠳᠤ 59.9 ᠲᠦᠮᠡ ᠪᠠᠶᠢᠭᠰᠠᠨ ᠠᠴᠠ 2019 ᠣᠨ ᠳᠤ 74.8 ᠲᠦᠮᠡ ᠪᠣᠯᠭᠠᠨ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ ᠪᠠᠭᠰᠢ ᠶᠢ 50.2 ᠲᠦᠮᠡ ᠪᠠᠶᠢᠭᠰᠠᠨ ᠠᠴᠠ 59.5 ᠲᠦᠮᠡ ᠪᠣᠯᠭᠠᠨ ᠨᠡᠮᠡᠭᠳᠡᠭᠦᠯᠵᠡᠶ᠃      ᠰᠤᠷᠭᠠᠨ ᠬᠥᠮᠦᠵᠢᠯ ᠤᠨ ᠶᠠᠮᠤᠨ ᠤ ᠲᠣᠰ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠸᠠᠩ ᠳ᠋ᠧᠩ ᠹᠧᠩ ᠲᠠᠨᠢᠯᠴᠠᠭᠤᠯᠬᠤ ᠳᠠᠭᠠᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠲᠣᠬᠢᠷᠠᠭᠤᠯᠤᠯᠲᠠ᠂ ᠲᠠᠯᠠᠪᠤᠷ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠥᠳᠡᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠨᠥᠬᠦᠴᠡᠯ ᠤᠨ ᠪᠠᠲᠤᠯᠠᠭ᠎ᠠ ᠡᠳᠦᠷ ᠢᠷᠡᠬᠦᠶ᠎ᠡ ᠪᠦᠷᠢᠨᠰᠢᠪᠡ᠃ 2019 ᠣᠨ ᠤ ᠡᠴᠦᠰ ᠲᠤ᠂ ᠪᠥᠬᠦ ᠤᠯᠤᠰ ᠤᠨ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠣᠷᠳᠣᠨ ᠤ ᠲᠠᠯᠠᠪᠠᠶ ᠶᠢᠨ ᠲᠠᠯ᠎ᠠ ᠪᠠᠷ ᠬᠢ ᠪᠠᠷᠢᠮᠵᠢᠶ᠎ᠠ ᠳᠤ ᠭᠦᠷᠦᠭᠰᠡᠨ ᠨᠣᠷᠮ᠎ᠠ ᠨᠢ ᠲᠣᠰ ᠲᠣᠰ 90.22% ᠪᠠ 93.54% ᠳᠤ ᠬᠦᠷᠴᠦ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠪᠠᠷᠢᠮᠵᠢᠶ᠎ᠠ ᠳᠤ ᠭᠦᠷᠦᠭᠰᠡᠨ ᠨᠣᠷᠮ᠎ᠠ ᠨᠢ ᠲᠣᠰ ᠲᠣᠰ 95.38% ᠪᠠ 96.56% ᠳᠤ ᠬᠦᠷᠴᠡᠢ᠃ ᠲᠤᠰᠬᠠᠶ ᠪᠠᠭᠰᠢ ᠶᠢᠨ ᠪᠥᠬᠦ ᠲᠤᠭ᠎ᠠ ᠳᠠᠬᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠵᠡᠯᠡᠬᠦ ᠬᠠᠷᠢᠴᠠᠯ ᠨᠢ 2015 ᠣᠨ ᠳᠤ 6.5% ᠪᠠᠶᠢᠭᠰᠠᠨ ᠠᠴᠠ ᠪᠠᠨ 2019 ᠣᠨ ᠳᠤ 7.5% ᠪᠣᠯᠵᠣ ᠳᠡᠭᠡᠭᠰᠢᠯᠡᠪᠡ᠃ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠲᠤᠰᠬᠠᠢ ᠬᠢᠴᠢᠶᠡᠯ ᠤᠨ ᠭᠡᠷ ᠲᠤᠬᠢᠷᠠᠭᠤᠯᠤᠬᠰᠠᠨ ᠨᠤᠷᠮ᠎ᠠ ᠶᠡᠭᠡ ᠪᠠᠷ ᠳᠡᠭᠡᠭᠰᠢᠯᠡᠵᠦ᠂ ᠤᠷᠠᠯᠢᠭ ᠤᠨ ᠵᠢᠭᠠᠨ ᠰᠤᠷᠭᠠᠬᠤ ᠪᠠᠭᠠᠵᠢ ᠬᠡᠷᠡᠭᠰᠡᠯ ᠪᠠ ᠬᠢᠴᠢᠶᠡᠯ ᠤᠨ ᠭᠠᠳᠠᠨᠠᠬᠢ ᠠᠵᠢᠯᠯᠠᠭᠠᠨ ᠤ ᠲᠠᠯᠠᠪᠤᠷ ᠤᠨ ᠨᠥᠬᠦᠴᠡᠯ ᠢᠯᠡᠳᠲᠡ ᠰᠠᠶᠢᠵᠢᠷᠠᠵᠠᠢ ᠬᠡᠪᠡ᠃      ᠬᠥᠳᠡᠭᠡ ᠲᠣᠰᠬᠤᠨ ᠤ ᠭᠠᠵᠠᠷ ᠣᠷᠣᠨ ᠤ ᠲᠠᠭᠤᠤ ᠬᠦᠭᠵᠢᠮ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠬᠡᠷᠬᠢᠨ ᠤᠯᠠᠮ ᠨᠢᠭᠡ ᠠᠯᠬᠤᠮ ᠰᠢᠢᠳᠪᠦᠷᠢᠯᠡᠬᠦ ᠲᠤᠬᠠᠶ ᠸᠠᠩ ᠳ᠋ᠧᠩ  ᠹᠧᠡᠭ ᠬᠡᠯᠡᠬᠦ ᠳᠡᠭᠡᠨ᠂ ᠨᠢᠭᠡ ᠲᠠᠯ᠎ᠠ ᠪᠠᠷ ᠬᠥᠳᠡᠭᠡ ᠲᠣᠰᠬᠤᠨ ᠤ ᠭᠠᠵᠠᠷ ᠣᠷᠣᠨ ᠤ ᠲᠠᠭᠤᠤ ᠬᠦᠭᠵᠢᠮ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠪᠠᠭᠰᠢ ᠶᠢ ᠪᠣᠯᠪᠠᠰᠤᠷᠠᠭᠤᠯᠬᠤ ᠡᠷᠴᠢᠮ ᠪᠠ ᠡᠯ᠎ᠡ ᠵᠦᠢᠯ ᠤᠨ ᠠᠷᠭ᠎ᠠ ᠵᠠᠮ ᠢᠶᠠᠷ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠂ ᠨᠥᠭᠦᠭᠡ ᠲᠠᠯ᠎ᠠ ᠪᠠᠷ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠥᠳᠡᠭᠡ ᠲᠣᠰᠬᠤᠨ ᠪᠠ ᠵᠠᠬ᠎ᠠ ᠬᠢᠵᠠᠭᠠᠷ ᠣᠷᠣᠨ ᠤ ᠲᠠᠭᠤᠤ ᠬᠦᠭᠵᠢᠮ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠪᠡ᠃ᠬᠥᠳᠡᠯᠮᠦᠷᠢ ᠶᠢᠨ ᠬᠥᠮᠦᠵᠢᠯ ᠤᠨ ᠲᠠᠯ᠎ᠠ ᠪᠠᠷ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠱᠧᠨ ᠵᠢᠶ ᠯᠢᠶᠠᠩ ᠢᠯᠡᠷᠬᠡᠶᠢᠯᠡᠬᠦ ᠳᠡᠭᠡᠨ᠂ ᠡᠷᠬᠡᠪᠰᠢ ᠪᠡᠶ᠎ᠡ ᠶᠢᠨ ᠬᠥᠳᠡᠯᠮᠦᠷᠢ ᠪᠠᠷ ᠭᠤᠤᠯ ᠪᠣᠯᠭᠠᠬᠤ ᠶᠢ ᠳᠣᠪᠤᠶᠢᠯᠭᠠᠵᠤ᠂ ᠬᠥᠳᠡᠯᠮᠦᠷᠢ ᠲᠠᠢ᠂ ᠰᠤᠷᠭᠠᠨ ᠬᠥᠮᠦᠵᠢᠯ ᠲᠠᠢ ᠪᠤᠯᠭᠠᠵᠤ᠂ ᠰᠤᠷᠭᠠᠨ ᠬᠥᠮᠦᠵᠢᠯ ᠪᠠ ᠬᠥᠳᠡᠯᠮᠦᠷᠢ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠃ ᠡᠭᠦᠨ ᠠᠴᠠ ᠭᠠᠳᠠᠨ᠎ᠠ᠂ ᠬᠥᠳᠡᠯᠮᠦᠷᠢ ᠶᠢᠨ ᠠᠭᠤᠯᠭ᠎ᠠ ᠳᠤ ᠰᠢᠨ᠎ᠡ ᠮᠡᠳᠡᠯᠭᠡ᠂ ᠰᠢᠨ᠎ᠡ ᠠᠷᠭ᠎ᠠ᠂ ᠰᠢᠨ᠎ᠡ ᠤᠷᠠᠯᠠᠯ ᠢ ᠬᠡᠷᠡᠭᠯᠡᠬᠦ ᠶᠢ ᠴᠢᠬᠤᠯᠠᠴᠢᠯᠠᠵᠤ᠂ ᠴᠠᠭ ᠦᠶ᠎ᠡ ᠶᠢᠨ ᠣᠨᠴᠠᠯᠢᠭ ᠰᠢᠨᠵᠢ ᠲᠠᠢ ᠬᠥᠳᠡᠯᠮᠦᠷᠢ ᠶᠢ ᠥᠷᠨᠢᠭᠦᠯᠬᠦ ᠬᠡᠷᠡᠭᠲᠡᠢ ᠭᠡᠪᠡ᠃http://mongol.people.com.cn/15832840.html
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ