ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 2021 ᠣᠨ ᠤ | ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 2020 ᠣᠨ ᠤ 12 ᠰᠠᠷ᠎ᠠ ᠶᠢᠨ 26 ᠤ ᠡᠳᠦᠷ ᠠᠴᠠ 28 ᠤ | ᠡᠳᠦᠷ ᠪᠣᠯᠲᠠᠯ᠎ᠠ ᠶᠠᠪᠤᠭᠳᠠᠨ᠎ᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ | ᠰᠢᠯᠭᠠᠯᠲᠠ ᠶᠢᠨ ᠵᠥᠪᠯᠡᠯ ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠳᠠᠶᠢᠴᠢᠯᠠᠨ | ᠪᠠᠶᠢᠷᠢᠯᠠᠭᠤᠯᠪᠠ᠃ | ᠣᠶᠢᠯᠠᠭᠠᠭᠰᠠᠨ ᠢᠶᠠᠷ᠂ 2021 ᠣᠨ ᠳᠤ ᠮᠠᠨ ᠤ ᠣᠷᠣᠨ ᠤ ᠠᠰᠫᠢᠷᠠᠨᠲ ᠤᠨ ᠰᠢᠯᠭᠠᠯᠲᠠ ᠳᠤ ᠨᠡᠷ᠎ᠡ | ᠮᠡᠳᠡᠭᠦᠯᠦᠭᠰᠡᠨ ᠬᠥᠮᠦᠨ ᠤ ᠲᠤᠭ᠎ᠠ ᠦᠷᠭᠦᠯᠵᠢᠯᠡᠨ ᠨᠡᠮᠡᠭᠳᠡᠵᠦ᠂ 82398 ᠬᠥᠮᠦᠨ ᠳᠤ ᠬᠦᠷᠴᠦ᠂ ᠲᠦᠷᠦᠭᠦᠦ | ᠵᠢᠯ ᠤᠨ ᠬᠢ ᠠᠴᠠ 7032 ᠬᠥᠮᠦᠨ ᠨᠡᠮᠡᠭᠳᠡᠵᠦ᠂ 9.3% ᠪᠠᠷ ᠨᠡᠮᠡᠭᠳᠡᠵᠦ᠂ ᠳᠠᠬᠢᠨᠲᠠ ᠲᠡᠤᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ ᠪᠥᠬᠦ ᠣᠷᠣᠨ ᠤ 12 ᠠᠶᠢᠮᠠᠭ ᠬᠤᠲᠠ ᠪᠠ 8 ᠶᠡᠭᠡ ᠳᠡᠭᠡᠳᠦ ᠰᠤᠷᠭᠠᠭᠤᠯᠢ ᠳᠤ ᠨᠡᠶᠢᠲᠡ | 62 ᠰᠢᠯᠭᠠᠯᠲᠠ ᠶᠢᠨ ᠴᠡᠭ᠂ 2760 ᠰᠢᠯᠭᠠᠯᠲᠠ ᠶᠢᠨ ᠲᠠᠯᠠᠪᠠᠶ ᠲᠣᠬᠢᠷᠠᠭᠤᠯᠵᠠᠶ᠃ | ᠮᠠᠨ ᠤ ᠣᠷᠣᠨ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠡ ᠶᠢᠨ ᠬᠢᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠲᠤᠤᠱᠯᠠᠭᠤᠯᠵᠤ᠂ | ᠬᠢᠵᠢᠭ ᠢ ᠰᠡᠷᠭᠡᠶᠢᠯᠡᠨ ᠬᠤᠷᠢᠬᠯᠠᠬᠤ ᠶᠢ ᠪᠠᠶᠢᠩᠭᠤᠵᠢᠭᠤᠯᠬᠤ ᠪᠠ ᠠᠰᠫᠢᠷᠠᠨᠲ ᠤᠨ ᠰᠢᠯᠭᠠᠯᠲᠠ ᠶᠢ ᠵᠣᠬᠢᠶᠠᠨ | ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠠᠰᠫᠢᠷᠠᠨᠲ ᠤᠨ ᠰᠢᠯᠭᠠᠯᠲᠠ ᠳᠤ | ᠡᠷᠡᠭᠦᠯ ᠮᠡᠡᠲᠦ ᠠᠮᠤᠷ ᠲᠦᠪᠰᠢᠨ ᠢᠶᠠᠷ ᠤᠷᠤᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠷᠢᠭ᠎ᠠ ᠱᠤᠭᠤᠮ ᠤᠨ | ᠰᠡᠳᠬᠢᠬᠦᠶ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠢᠯᠭᠠᠯᠲᠠ ᠶᠢᠨ ᠠᠮᠤᠷ | ᠲᠦᠪᠰᠢᠨ ᠤ ᠠᠵᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠢ | ᠰᠡᠷᠭᠡᠶᠢᠯᠡᠨ ᠬᠤᠷᠢᠬᠯᠠᠬᠤ ᠶᠢ ᠴᠢᠩᠭᠠᠳᠬᠠᠵᠤ᠂ ᠠᠵᠢᠯᠳᠠᠨ᠂ ᠠᠵᠢᠯ ᠤᠨ ᠪᠠᠶᠢᠷᠢ᠂ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠬᠰᠠᠨ᠂ ᠬᠦᠮᠦᠨ ᠤ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠤᠳᠠᠰ ᠤᠨ | ᠰᠡᠷᠭᠡᠶᠢᠯᠡᠯᠲᠡ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠪᠦᠷᠢᠯᠳᠦᠭᠦᠯᠬᠦ | ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠶᠢ ᠴᠢᠩᠭᠠᠳᠬᠠᠵᠤ᠂ ᠰᠢᠯᠭᠠᠯᠲᠠ ᠶᠢᠨ | ᠬᠠᠭᠤᠳᠠᠰᠤ ᠶᠢ ᠳᠠᠷᠤᠮᠠᠯᠯᠠᠬᠤ᠂ ᠵᠦᠭᠡᠭᠡᠪᠦᠷᠢᠯᠡᠵᠦ ᠬᠦᠷᠭᠡᠬᠦ᠂ ᠲᠤᠰᠴᠤ ᠠᠪᠬᠤ᠂ ᠬᠠᠳᠠᠭᠠᠯᠠᠬᠤ᠂ ᠬᠤᠪᠢᠶᠠᠨ | ᠲᠠᠷᠬᠠᠭᠠᠬᠤ᠂ ᠬᠤᠷᠢᠶᠠᠨ ᠠᠪᠬᠤ ᠵᠡᠷᠭᠡ ᠭᠤᠭᠴᠤᠭ᠎ᠠ ᠶᠢ ᠴᠢᠩᠭ᠎ᠠ ᠠᠳᠬᠤᠵᠤ᠂ ᠪᠥᠬᠦ ᠶᠠᠪᠤᠴᠠ ᠳᠤ ᠥᠨᠴᠥᠭ | ᠪᠤᠯᠤᠩ ᠦᠯᠡᠳᠡᠭᠡᠯ ᠥᠬᠡᠶ ᠪᠠᠷ ᠬᠢᠨᠠᠨ ᠡᠵᠡᠮᠳᠡᠬᠦ ᠬᠡᠷᠡᠭᠲᠡᠶ᠃ ᠰᠢᠯᠭᠠᠯᠲᠠ ᠶᠢᠨ ᠲᠠᠯᠠᠪᠠᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠳᠣᠲᠣᠭᠠᠳᠤ ᠶᠢᠨ ᠪᠠ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ ᠵᠠᠰᠠᠬᠤ ᠶᠢ ᠨᠠᠷᠢᠨ | ᠬᠢᠨᠠᠮᠠᠭᠠᠢ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠭᠡᠮ ᠬᠢᠬᠦ ᠠᠵᠢᠯᠯᠠᠭ᠎ᠠ ᠶᠢ ᠡᠷᠡᠰ ᠬᠤᠷᠢᠭᠯᠠᠬᠤ | ᠬᠡᠷᠡᠭᠲᠡᠢ᠃ ᠰᠢᠯᠭᠠᠭᠤᠯᠤᠭᠰᠠᠳ ᠤᠨ ᠦᠢᠯᠡᠴᠢᠯᠡᠭᠡ ᠶᠢ ᠴᠢᠩᠭᠠᠷᠠᠭᠤᠯᠵᠤ᠂ ᠰᠢᠯᠭᠠᠭᠤᠯᠤᠭᠰᠠᠳ ᠲᠤ ᠲᠠᠭᠠᠯᠠᠮᠵᠢᠲᠠᠶ᠂ | ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠨᠦᠭᠦᠴᠡᠯ ᠢ ᠡᠭᠦᠳᠴᠦ᠂ ᠵᠡᠮᠳᠡᠭ ᠪᠠ ᠣᠨᠴᠠᠭᠠᠢ ᠬᠦᠴᠢᠷᠳᠡᠯ ᠲᠠᠢ | ᠰᠢᠯᠭᠠᠭᠤᠯᠤᠭᠰᠠᠳ ᠲᠤ ᠵᠦᠢ ᠵᠣᠬᠢᠰᠲᠠᠶ ᠳᠥᠭᠦᠮ ᠦᠵᠡᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ | ᠠᠵᠢᠯ ᠢ ᠰᠠᠶᠢᠲᠤᠷ ᠬᠢᠵᠦ᠂ ᠰᠢᠯᠭᠠᠯᠲᠠ ᠬᠢᠵᠦ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ | ᠣᠨᠣᠪᠴᠢᠲᠠᠶ ᠤᠬᠠᠭᠤᠯᠤᠨ ᠲᠠᠶᠢᠯᠪᠤᠷᠢᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠨ᠂ ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ 2021 ᠣᠨ ᠤ ᠠᠰᠫᠢᠷᠠᠨᠲ ᠤᠨ ᠰᠢᠯᠭᠠᠯᠲᠠ ᠶᠢᠨ ᠠᠮᠤᠷ ᠲᠦᠪᠰᠢᠨ | ᠲᠣᠭᠲᠠᠭᠤᠨ ᠢᠶᠠᠷ ᠶᠠᠪᠤᠬᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠨᠢ | ᠪᠠᠰᠠ ᠰᠢᠯᠭᠠᠯᠲᠠ ᠶᠢᠨ ᠶᠠᠪᠤᠳᠠᠯ ᠤᠨ ᠠᠵᠢᠯ ᠤᠨ ᠪᠣᠯᠪᠠᠰᠤᠷᠠᠯ ᠬᠢᠵᠦ᠂ 2021 ᠣᠨ ᠤ ᠠᠰᠫᠢᠷᠠᠨᠲ ᠤᠨ | ᠰᠢᠯᠭᠠᠯᠲᠠ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ | ᠬᠢᠭᠦ᠂ ᠬᠢᠵᠢᠭ ᠢ ᠰᠡᠷᠭᠡᠶᠢᠯᠡᠨ ᠬᠤᠷᠢᠬᠯᠠᠬᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠰᠢᠢᠳᠪᠦᠷᠢᠯᠡᠭᠦ᠂ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠴᠡᠭ ᠤᠨ ᠲᠥᠬᠦᠭᠡᠷᠦᠮᠵᠢ ᠶᠢ ᠪᠠᠶᠢᠴᠠᠭᠠᠬᠤ᠂ | ᠰᠦᠯᠵᠢᠶᠡᠨ ᠳᠡᠭᠡᠷᠡᠬᠢ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠰᠢᠢᠳᠪᠦᠷᠢᠯᠡᠭᠦ ᠵᠢᠴᠢ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠡᠵᠡᠮᠳᠡᠬᠦ ᠵᠡᠷᠭᠡ ᠠᠵᠢᠯ ᠳᠤ ᠨᠢᠭᠡᠳᠦᠯᠲᠡᠶ ᠪᠣᠯᠪᠠᠰᠤᠷᠠᠯ ᠪᠠᠶᠢᠷᠢᠯᠠᠭᠤᠯᠤᠯᠲᠠ ᠬᠢᠪᠠ᠃ ᠡᠯ᠎ᠡ ᠨᠡᠷ᠎ᠡ | ᠮᠡᠳᠡᠭᠦᠯᠬᠦ ᠴᠡᠭ ᠵᠢᠴᠢ ᠰᠢᠯᠭᠠᠯᠲᠠ ᠶᠢᠨ ᠴᠡᠭ ᠤᠨ ᠬᠢᠨ ᠰᠢᠯᠭᠠᠯᠲᠠ ᠶᠢᠨ ᠠᠮᠤᠷ ᠲᠦᠪᠰᠢᠨ ᠤ ᠲᠣᠭᠤᠷᠢᠨ ᠳᠤ ᠡᠯ᠎ᠡ | ᠵᠦᠢᠯ ᠤᠨ ᠰᠢᠯᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | http://mongol.people.com.cn/15832936.html |