ᠶᠠᠳᠠᠭᠤ ᠬᠦᠴᠢᠷᠳᠡᠯᠲᠡᠶ ᠰᠢᠶᠠᠨ ᠳᠤ ᠵᠢᠯ ᠪᠦᠷᠢ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ 600 ᠮᠥ ᠲᠣᠬᠢᠷᠠᠭᠤᠯᠤᠨ᠎ᠠ
ᠨᠡᠶᠢᠲᠡᠯᠡᠭᠰᠡᠨ ᠴᠠᠭ᠄
2020/12/17
ᠣᠨᠳᠣᠤ ᠭᠠᠵᠠᠷ ᠲᠤ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠰᠠᠭᠤᠴᠠ ᠳᠤ ᠢᠷᠡᠬᠦ ᠵᠢᠯ ᠤᠨ ᠲᠦᠷᠦᠭᠦᠤ ᠬᠠᠭᠠᠰ ᠵᠢᠯ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠢᠵᠦ ᠳᠠᠭᠤᠰᠬᠠᠨ᠎ᠠ      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 12 ᠰᠠᠷ᠎ᠠ ᠶᠢᠨ 15 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠥ ᠵᠢᠤᠧᠠᠨ︶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠡᠳ᠋ ᠰᠠᠶᠢᠳ ᠵᠦ᠋ᠧᠠᠩ ᠱᠣᠤ ᠴᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠤᠰ ᠤᠨ ᠤᠤᠯ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠪᠠ ᠰᠢᠨ᠎ᠡ ᠪᠠᠷ ᠪᠠᠶᠢᠭᠤᠯᠤᠭᠰᠠᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠪᠦᠲᠦᠭᠡᠯᠴᠢ ᠪᠠᠷ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠴᠢᠬᠤᠯᠠ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠪᠠ ᠪᠠᠯᠠ ᠮᠥᠩᠭᠦ ᠶᠢᠨ ᠳᠡᠮᠵᠢᠯᠭᠡ ᠬᠠᠨᠭ᠍ᠭᠠᠵᠠᠢ ᠬᠡᠪᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠭᠠᠵᠠᠷ ᠬᠡᠷᠡᠭᠯᠡᠬᠦ ᠪᠠᠲᠤᠯᠠᠭ᠎ᠠ ᠬᠠᠩᠭᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠭᠠᠵᠠᠷ ᠰᠢᠷᠣᠶ ᠶᠢᠨ ᠲᠥᠯᠥᠪᠯᠡᠭᠡ ᠶᠢᠨ ᠲᠠᠯ᠎ᠠ ᠪᠠᠷ᠂ ᠪᠥᠬᠦ ᠤᠯᠤᠰ ᠤᠨ 832 ᠶᠠᠳᠠᠭᠤ ᠬᠦᠴᠢᠷᠳᠡᠯᠲᠡᠶ ᠰᠢᠶᠠᠨ ᠳᠤ ᠵᠢᠯ ᠪᠦᠷᠢ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ 600 ᠮᠥ ᠲᠣᠬᠢᠷᠠᠭᠤᠯᠵᠤ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠭᠠᠵᠠᠷ ᠰᠢᠷᠤᠢ ᠬᠡᠷᠡᠭᠯᠡᠬᠦ ᠲᠥᠯᠥᠪᠯᠡᠭᠡ ᠶᠢᠨ ᠭᠦᠢᠴᠡᠳᠬᠡᠯ ᠲᠤᠭ᠎ᠠ ᠨᠢ ᠭᠦᠢᠴᠡᠳ ᠥᠬᠡᠶ ᠪᠣᠯ ᠤᠷᠢᠳᠴᠢᠯᠠᠨ ᠵᠠᠷᠤᠵᠤ ᠪᠣᠯᠤᠨ᠎ᠠ ᠬᠡᠵᠡᠢ᠃ ᠭᠠᠵᠠᠷ ᠰᠢᠷᠤᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠠᠯ᠎ᠠ ᠪᠠᠷ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠤ ᠣᠨᠴᠠᠭᠠᠢ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠥᠷᠥᠯ ᠵᠦᠢᠯ ᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠪᠠ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠡᠯᠡ ᠮᠥᠩᠭᠦ ᠶᠢᠨ ᠢᠷᠡᠯᠲᠡ ᠶᠢ ᠥᠷᠭᠡᠳᠬᠡᠪᠠ᠃ 2016 ᠣᠨ ᠠᠴᠠ ᠨᠠᠰᠢ᠂ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠰᠢᠶᠠᠨ ᠵᠢᠴᠢ ᠮᠤᠵᠢ ᠶᠢᠨ ᠲᠠᠰ ᠤᠨ ᠶᠠᠳᠠᠭᠤ ᠬᠦᠴᠢᠷᠳᠡᠯᠲᠡᠶ ᠰᠢᠶᠠᠨ ᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠠᠷᠪᠢᠯᠠᠨ ᠭᠠᠷᠭᠠᠬᠰᠠᠠ ᠭᠦᠢᠴᠡᠳᠬᠡᠯ ᠲᠤᠭ᠎ᠠ ᠶᠢ ᠮᠤᠵᠢ ᠶᠢᠨ ᠬᠡᠪᠴᠢᠶᠡᠨ ᠳᠤ ᠡᠷᠭᠢᠯᠳᠦᠭᠦᠯᠦᠨ ᠬᠡᠷᠡᠭᠯᠡᠬᠦ ᠶᠢ ᠵᠥᠪᠰᠢᠶᠡᠷᠡᠪᠡ᠃ 2018 ᠣᠨ ᠠᠴᠠ ᠨᠠᠰᠢ᠂ ︽ᠭᠤᠷᠪᠠᠨ ᠣᠷᠣᠨ ᠭᠤᠷᠪᠠᠨ ᠵᠧᠦ︾ ᠵᠢᠴᠢ ᠪᠤᠰᠤᠳ ᠣᠨᠴᠠ ᠶᠠᠳᠠᠭᠤ ᠬᠦᠴᠢᠷᠳᠡᠯᠲᠡᠢ ᠰᠢᠶᠠᠨ ᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠠᠷᠪᠢᠯᠠᠨ ᠭᠠᠷᠭᠠᠬᠰᠠᠠ ᠭᠦᠢᠴᠡᠳᠬᠡᠯ ᠲᠤᠭ᠎ᠠ ᠶᠢ ᠤᠯᠤᠰ ᠠᠴᠠ ᠨᠢᠭᠡᠳᠦᠯᠲᠡᠢ ᠲᠥᠯᠥᠪᠵᠢᠭᠦᠯᠵᠦ ᠮᠤᠵᠢ ᠣᠷᠣᠨ ᠠᠯᠤᠰᠯᠠᠨ ᠲᠤᠬᠢᠷᠠᠭᠤᠯᠤᠨ ᠬᠡᠷᠡᠭᠯᠡᠪᠡ᠃ ᠵᠦ᠋ᠧᠠᠩ ᠱᠣᠤ ᠴᠢᠨ ᠬᠡᠯᠡᠬᠦ ᠳᠡᠭᠡᠨ᠂ ᠣᠷᠣᠨ ᠪᠦᠰᠡ ᠠᠯᠤᠰᠯᠠᠭᠰᠠᠨ ᠨᠡᠮᠡᠭᠳᠡᠯ ᠬᠠᠰᠤᠭᠳᠠᠯ ᠢ ᠬᠤᠯᠪᠣᠬᠳᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠬᠥᠭᠵᠢᠭᠰᠡᠨ ᠭᠠᠵᠠᠷ ᠣᠷᠣᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠷᠣᠨ ᠵᠠᠶ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠮᠢᠩᠭᠠᠨ ᠳ᠋ᠦᠩᠰᠢᠭᠤᠷ ᠲᠥᠭᠦᠷᠢᠭ ᠠᠴᠠ ᠳᠠᠪᠠᠭᠰᠠᠨ ᠦᠨᠡᠨ ᠪᠤᠳᠠᠳᠠᠢ ᠡᠳ᠋ ᠮᠦᠡᠭᠭᠦ ᠬᠠᠩᠭᠠᠵᠠᠢ ᠬᠡᠪᠡ᠃      ᠨᠡᠭᠦᠯᠭᠡᠭᠰᠡᠨ ᠣᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠣᠨᠳᠣᠤ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠤᠷᠤᠨ ᠰᠠᠭᠤᠴᠠ   ᠳᠤ ᠥᠯᠥ ᠬᠥᠳᠡᠯᠬᠦ ᠬᠥᠷᠥᠩᠭᠡ ᠶᠢᠨ ᠲᠠᠩᠰᠠᠯᠠᠯᠳᠠ ᠬᠢᠭᠦ ᠠᠵᠢᠯ ᠢ ᠲᠦᠷᠭᠡᠯᠡᠨ ᠠᠬᠢᠭᠤᠯᠬᠤ ᠲᠤᠬᠠᠶ ᠲᠤᠰᠬᠠᠶ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠬᠠᠤᠯᠢ ᠶᠣᠰᠣᠭᠠᠷ ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠣᠨᠳᠣᠤ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠤᠷᠤᠨ ᠰᠠᠭᠤᠴᠠ ᠶᠢᠨ ᠲᠦᠷᠦᠯ ᠵᠦᠢᠯ ᠤᠨ ᠭᠠᠷ ᠭᠦᠢᠴᠡᠳᠬᠡᠯ ᠢ ᠲᠦᠷᠭᠡᠯᠡᠨ ᠲᠡᠭᠦᠯᠳᠡᠷᠵᠢᠭᠦᠯᠵᠦ᠂ ᠣᠯᠠᠨ ᠲᠦᠮᠡᠨ ᠤ ᠡᠷᠬᠡ ᠠᠰᠢᠭ ᠢ ᠪᠠᠲᠤᠯᠠᠬᠤ ᠬᠡᠷᠡᠭᠲᠡᠶ᠃ ᠪᠣᠶ ᠪᠥᠬᠦᠶ ᠲᠥᠪᠬᠢᠨᠡᠭᠦᠯᠬᠦ ᠤᠷᠤᠨ ᠰᠠᠭᠤᠴᠠ ᠳᠤ 2021 ᠣᠨ ᠤ 6 ᠰᠠᠷ᠎ᠠ ᠶᠢᠨ ᠡᠴᠤᠰ ᠠᠴᠠ ᠡᠮᠦᠨ᠎ᠡ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠢᠵᠦ ᠳᠠᠭᠤᠰᠬᠠᠬᠤ ᠬᠡᠷᠡᠭᠲᠡᠢ ᠭᠡᠵᠦ ᠲᠣᠳᠣᠷᠬᠠᠶ ᠲᠣᠭᠲᠠᠭᠠᠪᠠ᠃http://mongol.people.com.cn/15832948.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ