ᠥᠪᠡᠷᠲᠡᠭᠡᠨ ᠵᠠᠰᠠᠬᠤ ᠣᠷᠣᠨ 2021 ᠣᠨ ᠤ ᠠᠰᠫᠢᠷᠠᠨᠲ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/12/17
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 2020 ᠣᠨ ᠤ 12 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ ᠶᠠᠪᠤᠭᠳᠠᠨ᠎ᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠯᠡᠯ ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠳᠠᠶᠢᠴᠢᠯᠠᠨ ᠪᠠᠶᠢᠷᠢᠯᠠᠭᠤᠯᠪᠠ᠃      ᠣᠶᠢᠯᠠᠭᠠᠭᠰᠠᠨ ᠢᠶᠠᠷ᠂ 2021 ᠣᠨ ᠳᠤ ᠮᠠᠨ ᠤ ᠣᠷᠣᠨ ᠤ ᠠᠰᠫᠢᠷᠠᠨᠲ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠦᠷᠭᠦᠯᠵᠢᠯᠡᠨ ᠨᠡᠮᠡᠭᠳᠡᠵᠦ᠂ 82398 ᠬᠥᠮᠦᠨ ᠳᠤ ᠬᠦᠷᠴᠦ᠂ ᠲᠦᠷᠦᠭᠦᠦ ᠵᠢᠯ ᠤᠨ ᠬᠢ ᠠᠴᠠ 7032 ᠬᠥᠮᠦᠨ ᠨᠡᠮᠡᠭᠳᠡᠵᠦ᠂ 9.3% ᠪᠠᠷ ᠨᠡᠮᠡᠭᠳᠡᠵᠦ᠂ ᠳᠠᠬᠢᠨᠲᠠ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠥᠬᠦ ᠣᠷᠣᠨ ᠤ 12 ᠠᠶᠢᠮᠠᠭ ᠬᠤᠲᠠ ᠪᠠ 8 ᠶᠡᠭᠡ ᠳᠡᠭᠡᠳᠦ ᠰᠤᠷᠭᠠᠭᠤᠯᠢ ᠳᠤ ᠨᠡᠶᠢᠲᠡ 62 ᠰᠢᠯᠭᠠᠯᠲᠠ ᠶᠢᠨ ᠴᠡᠭ᠂ 2760 ᠰᠢᠯᠭᠠᠯᠲᠠ ᠶᠢᠨ ᠲᠠᠯᠠᠪᠠᠶ ᠲᠣᠬᠢᠷᠠᠭᠤᠯᠵᠠᠶ᠃      ᠮᠠᠨ ᠤ ᠣᠷᠣᠨ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠡ ᠶᠢᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠲᠤᠤᠱᠯᠠᠭᠤᠯᠵᠤ᠂ ᠬᠢᠵᠢᠭ ᠢ ᠰᠡᠷᠭᠡᠶᠢᠯᠡᠨ ᠬᠤᠷᠢᠬᠯᠠᠬᠤ ᠶᠢ ᠪᠠᠶᠢᠩᠭᠤᠵᠢᠭᠤᠯᠬᠤ ᠪᠠ ᠠᠰᠫᠢᠷᠠᠨᠲ ᠤᠨ ᠰᠢᠯᠭᠠᠯᠲᠠ ᠶᠢ ᠵᠣᠬᠢᠶᠠᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠠᠰᠫᠢᠷᠠᠨᠲ ᠤᠨ ᠰᠢᠯᠭᠠᠯᠲᠠ ᠳᠤ ᠡᠷᠡᠭᠦᠯ ᠮᠡᠡᠲᠦ ᠠᠮᠤᠷ ᠲᠦᠪᠰᠢᠨ ᠢᠶᠠᠷ ᠤᠷᠤᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠢ ᠰᠡᠷᠭᠡᠶᠢᠯᠡᠨ ᠬᠤᠷᠢᠬᠯᠠᠬᠤ ᠶᠢ ᠴᠢᠩᠭᠠᠳᠬᠠᠵᠤ᠂ ᠠᠵᠢᠯᠳᠠᠨ᠂ ᠠᠵᠢᠯ ᠤᠨ ᠪᠠᠶᠢᠷᠢ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠬᠰᠠᠨ᠂ ᠬᠦᠮᠦᠨ ᠤ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠤᠳᠠᠰ ᠤᠨ ᠰᠡᠷᠭᠡᠶᠢᠯᠡᠯᠲᠡ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠶᠢ ᠴᠢᠩᠭᠠᠳᠬᠠᠵᠤ᠂ ᠰᠢᠯᠭᠠᠯᠲᠠ ᠶᠢᠨ ᠬᠠᠭᠤᠳᠠᠰᠤ ᠶᠢ ᠳᠠᠷᠤᠮᠠᠯᠯᠠᠬᠤ᠂ ᠵᠦᠭᠡᠭᠡᠪᠦᠷᠢᠯᠡᠵᠦ ᠬᠦᠷᠭᠡᠬᠦ᠂ ᠲᠤᠰᠴᠤ ᠠᠪᠬᠤ᠂ ᠬᠠᠳᠠᠭᠠᠯᠠᠬᠤ᠂ ᠬᠤᠪᠢᠶᠠᠨ ᠲᠠᠷᠬᠠᠭᠠᠬᠤ᠂ ᠬᠤᠷᠢᠶᠠᠨ ᠠᠪᠬᠤ ᠵᠡᠷᠭᠡ ᠭᠤᠭᠴᠤᠭ᠎ᠠ ᠶᠢ ᠴᠢᠩᠭ᠎ᠠ ᠠᠳᠬᠤᠵᠤ᠂ ᠪᠥᠬᠦ ᠶᠠᠪᠤᠴᠠ ᠳᠤ ᠥᠨᠴᠥᠭ ᠪᠤᠯᠤᠩ ᠦᠯᠡᠳᠡᠭᠡᠯ ᠥᠬᠡᠶ ᠪᠠᠷ ᠬᠢᠨᠠᠨ ᠡᠵᠡᠮᠳᠡᠬᠦ ᠬᠡᠷᠡᠭᠲᠡᠶ᠃ ᠰᠢᠯᠭᠠᠯᠲᠠ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠣᠲᠣᠭᠠᠳᠤ ᠶᠢᠨ ᠪᠠ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ ᠵᠠᠰᠠᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠭᠡᠮ ᠬᠢᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠰᠢᠯᠭᠠᠭᠤᠯᠤᠭᠰᠠᠳ ᠤᠨ ᠦᠢᠯᠡᠴᠢᠯᠡᠭᠡ ᠶᠢ ᠴᠢᠩᠭᠠᠷᠠᠭᠤᠯᠵᠤ᠂ ᠰᠢᠯᠭᠠᠭᠤᠯᠤᠭᠰᠠᠳ ᠲᠤ ᠲᠠᠭᠠᠯᠠᠮᠵᠢᠲᠠᠶ᠂ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠨᠦᠭᠦᠴᠡᠯ ᠢ ᠡᠭᠦᠳᠴᠦ᠂ ᠵᠡᠮᠳᠡᠭ ᠪᠠ ᠣᠨᠴᠠᠭᠠᠢ ᠬᠦᠴᠢᠷᠳᠡᠯ ᠲᠠᠢ ᠰᠢᠯᠭᠠᠭᠤᠯᠤᠭᠰᠠᠳ ᠲᠤ ᠵᠦᠢ ᠵᠣᠬᠢᠰᠲᠠᠶ ᠳᠥᠭᠦᠮ ᠦᠵᠡᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠢᠯᠭᠠᠯᠲᠠ ᠬᠢᠵᠦ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠤᠬᠠᠭᠤᠯᠤᠨ ᠲᠠᠶᠢᠯᠪᠤᠷᠢᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ 2021 ᠣᠨ ᠤ ᠠᠰᠫᠢᠷᠠᠨᠲ ᠤᠨ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ ᠢᠶᠠᠷ  ᠶᠠᠪᠤᠬᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠨᠢ ᠪᠠᠰᠠ ᠰᠢᠯᠭᠠᠯᠲᠠ ᠶᠢᠨ ᠶᠠᠪᠤᠳᠠᠯ ᠤᠨ ᠠᠵᠢᠯ ᠤᠨ ᠪᠣᠯᠪᠠᠰᠤᠷᠠᠯ ᠬᠢᠵᠦ᠂ 2021 ᠣᠨ ᠤ ᠠᠰᠫᠢᠷᠠᠨᠲ ᠤᠨ ᠰᠢᠯᠭᠠᠯᠲᠠ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠬᠢᠭᠦ᠂ ᠬᠢᠵᠢᠭ ᠢ ᠰᠡᠷᠭᠡᠶᠢᠯᠡᠨ ᠬᠤᠷᠢᠬᠯᠠᠬᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠭᠦ᠂ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠴᠡᠭ ᠤᠨ ᠲᠥᠬᠦᠭᠡᠷᠦᠮᠵᠢ ᠶᠢ ᠪᠠᠶᠢᠴᠠᠭᠠᠬᠤ᠂ ᠰᠦᠯᠵᠢᠶᠡᠨ ᠳᠡᠭᠡᠷᠡᠬᠢ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠰᠢᠢᠳᠪᠦᠷᠢᠯᠡᠭᠦ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠵᠡᠷᠭᠡ ᠠᠵᠢᠯ ᠳᠤ ᠨᠢᠭᠡᠳᠦᠯᠲᠡᠶ ᠪᠣᠯᠪᠠᠰᠤᠷᠠᠯ ᠪᠠᠶᠢᠷᠢᠯᠠᠭᠤᠯᠤᠯᠲᠠ ᠬᠢᠪᠠ᠃ ᠡᠯ᠎ᠡ ᠨᠡᠷ᠎ᠡ ᠮᠡᠳᠡᠭᠦᠯᠬᠦ ᠴᠡᠭ ᠵᠢᠴᠢ ᠰᠢᠯᠭᠠᠯᠲᠠ ᠶᠢᠨ ᠴᠡᠭ ᠤᠨ ᠬᠢᠨ ᠰᠢᠯᠭᠠᠯᠲᠠ ᠶᠢᠨ ᠠᠮᠤᠷ ᠲᠦᠪᠰᠢᠨ ᠤ ᠲᠣᠭᠤᠷᠢᠨ ᠳᠤ ᠡᠯ᠎ᠡ ᠵᠦᠢᠯ ᠤᠨ ᠰᠢᠯᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃http://mongol.people.com.cn/15832936.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ