ᠬᠤᠭ ᠨᠣᠪᠰᠢ ᠶᠢ ᠲᠥᠷᠥᠯ ᠬᠤᠪᠢᠶᠠᠬᠤ ᠨᠢ ᠴᠠᠭ ᠦᠶ᠎ᠡ ᠶᠢᠨ ᠤᠷᠤᠰᠬᠠᠯ ᠪᠣᠯᠪᠠ
ᠨᠡᠶᠢᠲᠡᠯᠡᠭᠰᠡᠨ ᠴᠠᠭ᠄
2020/12/18
     ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠨᠢ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠲᠤ ᠬᠤᠯᠪᠣᠭᠳᠠᠨ᠎ᠠ᠃ ᠮᠠᠨ ᠤ ᠬᠤᠲᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠡᠬᠢᠯᠡᠵᠦ ᠥᠷᠨᠢᠭᠦᠯᠦᠭᠰᠡᠨ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠵᠤ᠂ ︽ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠬᠤ︾ ᠪᠠᠷ ᠭᠤᠣᠯ ᠪᠣᠯᠭᠠᠨ᠂ ︽ᠬᠡᠮᠵᠢᠶ᠎ᠡ ᠶᠢ ᠪᠠᠭᠠᠰᠬᠠᠨ᠂ ᠬᠤᠣᠷ ᠦᠭᠡᠶᠢᠳᠡᠭᠦᠯᠦᠨ ᠰᠢᠢᠳᠪᠦᠷᠢᠯᠡᠬᠦ︾ ᠪᠠᠷ ᠬᠠᠷᠠᠯᠲᠠ ᠪᠣᠯᠭᠠᠵᠤ᠂ ᠰᠢᠰᠲ᠋ᠧᠮᠵᠢ ᠪᠠᠶᠢᠭᠤᠯᠤᠯ ᠤᠨ ᠪᠦᠲᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠬᠡᠷᠡᠭᠯᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠶᠡᠬᠡᠪᠡᠷ ᠠᠬᠢᠭᠤᠯᠪᠠ᠃ ᠨᠢᠭᠡ ᠲᠠᠯ᠎ᠠ ᠪᠠᠷ᠂ ᠬᠠᠲᠠᠭᠤ ᠵᠥᠭᠡᠯᠡᠨ ᠲᠣᠨᠤᠭ ᠢ ᠤᠶᠠᠯᠳᠤᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠲᠥᠬᠦᠭᠡᠷᠦᠮᠵᠢ ᠣᠷᠣᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠬᠦ ᠲᠠᠯ᠎ᠠ ᠪᠠᠷ ᠠᠬᠢᠭᠤᠯᠤᠨ᠂ ᠬᠤᠭ ᠨᠣᠪᠰᠢ ᠶᠢ ᠡᠷᠳᠡᠨᠢ ᠪᠣᠯᠭᠠᠨ ᠬᠤᠪᠢᠷᠠᠭᠠᠪᠠ︔ ᠨᠥᠭᠦᠭᠡ ᠲᠠᠯ᠎ᠠ ᠪᠠᠷ᠂ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠣᠶᠢᠯᠠᠭᠠᠭᠳᠠᠬᠤᠨ ᠢ ᠬᠥᠮᠥᠨ ᠤ ᠰᠡᠳᠬᠢᠯ ᠳᠤ ᠬᠠᠳᠠᠩᠰᠢᠭᠤᠯᠵᠤ᠂ ᠪᠣᠬᠢᠷᠲᠤᠯ ᠦᠭᠡᠢ ᠠᠮᠢᠳᠤᠷᠠᠯ ᠤᠨ ᠳᠠᠳᠬᠠᠯ ᠢ ᠪᠤᠢ ᠪᠣᠯᠭᠠᠪᠠ᠃ ︵ᠳᠡᠭᠡᠷᠡᠬᠢ ᠵᠢᠷᠤᠭ ᠤᠳ ᠢ ᠰᠦᠨ ᠶᠤᠸᠠᠢ ᠯᠦᠩ ᠬᠠᠩᠭᠠᠪᠠ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号