ᠬᠤᠲᠠ ᠶᠢᠨ ᠵᠠᠰᠠᠭ ᠤᠨ ᠣᠷᠳᠣᠨ 2020 ᠣᠨ ᠤ 44 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/18
ᠵᠠᠩ ᠪᠠᠢ ᠴᠧᠩ ᠡᠷᠬᠢᠯᠡᠪᠡ      12 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠵᠠᠰᠠᠭ ᠤᠨ ᠣᠷᠳᠣᠨ 2020 ᠣᠨ ᠤ 44 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠳᠤ ᠲᠠᠶᠢᠯᠤᠮᠵᠢ ᠬᠢᠪᠡ︔ ︽ᠬᠥᠬᠡᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠭᠠᠯ ᠠᠰᠠᠭᠠᠬᠤ ᠶᠢ ᠴᠠᠭᠠᠵᠠᠯᠠᠬᠤ ᠲᠣᠭᠲᠠᠭᠠᠯ ︵ᠲᠥᠰᠦᠯ ︶︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠴᠢᠬᠤᠯᠠ ᠵᠥᠭᠡᠯᠡᠨ ᠬᠦᠴᠦᠨ ᠪᠣᠯᠬᠤ ᠪᠠᠷ ᠪᠠᠷᠠᠬᠤ ᠦᠭᠡᠢ᠂ ᠮᠥᠨᠴᠦ ᠨᠢᠭᠡ ᠭᠠᠵᠠᠷ ᠣᠷᠣᠨ ᠤ ᠭᠤᠣᠯᠯᠠᠬᠤ ᠥᠷᠢᠰᠦᠯᠳᠦᠬᠦ ᠬᠦᠴᠦᠨ ᠮᠥᠨ᠃ ᠲᠣᠭᠲᠠᠭᠤᠨ᠂ ᠲᠥᠪ ᠭᠤᠣᠯᠴᠢ᠂ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠴᠢᠳᠠᠪᠤᠷᠢ ᠶᠢ ᠨᠡᠩ ᠶᠡᠭᠡ ᠬᠡᠮᠵᠢᠶ᠎ᠡ ᠪᠠᠷ ᠬᠥᠭᠵᠢᠭᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ ᠪᠠ ᠪᠠᠲᠤᠯᠠᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠮᠠᠰᠢ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠢ ᠭᠦᠨᠵᠡᠭᠡᠢ ᠰᠤᠷᠤᠯᠴᠠᠨ᠂ ︽ᠳᠦᠷᠢᠮ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠡᠷᠢᠭᠦᠨ ᠤ ᠬᠢ ᠲᠠᠢ ᠬᠠᠷᠢᠴᠠᠭᠤᠯᠤᠨ ᠠᠵᠢᠯ ᠢᠶᠠᠨ ᠰᠠᠶᠢᠵᠢᠷᠠᠭᠤᠯᠵᠤ᠂ ᠲᠥᠪ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠥᠬᠡᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠭᠠᠯ ᠠᠰᠠᠭᠠᠬᠤ ᠶᠢ ᠴᠠᠭᠠᠵᠠᠯᠠᠬᠤ ᠲᠣᠭᠲᠠᠭᠠᠯ︾ ᠢ ᠲᠣᠭᠲᠠᠭᠠᠨ ᠨᠡᠶᠢᠲᠡᠯᠡᠬᠦ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ᠬᠥᠬᠡ ᠣᠭᠲᠠᠷᠭᠤᠢ ᠪᠠᠨ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠬᠤᠲᠠ ᠶᠢᠨ ᠠᠭᠠᠷ ᠮᠠᠨᠳᠠᠯ ᠤᠨ ᠶᠠᠰᠤ ᠴᠢᠨᠠᠷ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ᠂ ᠣᠯᠠᠨ ᠨᠡᠶᠢᠲᠡ ᠶᠢᠨ ᠠᠮᠤᠷ ᠲᠦᠪᠰᠢᠨ ᠬᠢᠭᠡᠳ ᠥᠷᠭᠡᠨ ᠣᠯᠠᠨ ᠲᠦᠮᠡᠨ ᠤ ᠬᠤᠪᠢ ᠪᠡᠶ᠎ᠡ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠲᠣᠭᠲᠠᠭᠠᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠤᠰ ᠭᠠᠵᠠᠷ ᠣᠷᠣᠨ ᠤ ᠳᠣᠲᠣᠷᠠᠬᠢ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠭᠠᠯ ᠠᠰᠠᠭᠠᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠬᠠᠮᠢᠶᠠᠷᠤᠨ ᠡᠵᠡᠮᠳᠡᠬᠦ ᠠᠵᠢᠯ ᠢ ᠰᠠᠶᠢᠨ ᠠᠳᠬᠤᠵᠤ᠂ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠤᠨ᠂ ᠥᠷᠭᠡᠨ ᠣᠯᠠᠨ ᠲᠦᠮᠡᠨ ᠤ ᠬᠤᠪᠢ ᠪᠡᠶ᠎ᠡ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠭᠠᠷ ᠮᠠᠨᠳᠠᠯ ᠳᠠᠬᠢ ᠪᠣᠬᠢᠷᠲᠤᠯ ᠢ ᠪᠦᠲᠦᠮᠵᠢᠲᠡᠢ ᠪᠠᠭᠠᠰᠬᠠᠨ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠬᠤᠲᠠ ᠶᠢᠨ ᠪᠤᠵᠠᠷ ᠰᠢᠪᠠᠷ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠤᠴᠢᠷ ᠶᠠᠪᠤᠳᠠᠯ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠮᠠᠤ ᠪᠣᠣ ᠹᠧᠩ᠂ ᠴᠢᠶᠥᠥ ᠶᠦᠨ ᠯᠢ ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠭᠠᠵᠠᠷ ᠣᠷᠣᠨ ᠬᠢᠭᠡᠳ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号