ᠵᠠᠮ ᠢ ᠬᠠᠶᠢᠷᠠᠯᠠᠨ ᠬᠠᠮᠠᠭᠠᠯᠠᠬᠤ ᠤᠬᠠᠭᠤᠯᠭ᠎ᠠ ᠰᠤᠷᠭᠠᠭᠤᠯᠢ ᠶᠢᠨ ᠬᠦᠷᠢᠶᠡᠨ ᠳᠤ ᠣᠷᠣᠪᠠ
ᠨᠡᠶᠢᠲᠡᠯᠡᠭᠰᠡᠨ ᠴᠠᠭ᠄
2020/12/18
     ᠣᠷᠴᠢᠮᠬᠠᠨ᠂ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠭᠠᠵᠠᠷ ᠤᠨ ᠬᠤ᠋ ᠾᠧ ᠰᠢ ᠴᠠᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠣ ᠪᠠᠯᠭᠠᠰᠤᠨ ᠤ ᠭᠤᠣᠯ ᠰᠤᠷᠭᠠᠭᠤᠯᠢ ᠶᠢᠨ ᠳᠠᠷᠵᠠ ᠪᠠᠭ᠎ᠠ ᠰᠤᠷᠭᠠᠭᠤᠯᠢ ᠳᠤ ᠬᠦᠷᠴᠦ ᠵᠠᠮ ᠢ ᠬᠠᠶᠢᠷᠠᠯᠠᠨ ᠬᠠᠮᠠᠭᠠᠯᠠᠬᠤ ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠥᠷᠨᠢᠭᠦᠯᠪᠡ᠃ ᠵᠠᠮ ᠢ ᠬᠠᠶᠢᠷᠠᠯᠠᠨ ᠬᠠᠮᠠᠭᠠᠯᠠᠬᠤ ᠵᠥᠪᠳᠡᠯᠴᠡᠭᠡᠷ ᠲᠣᠭᠲᠠᠬᠤ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠵᠠᠮ ᠢ ᠬᠠᠶᠢᠷᠠᠯᠠᠨ ᠬᠠᠮᠠᠭᠠᠯᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠬᠤ᠂ ᠲᠡᠮᠦᠷ ᠵᠠᠮ ᠤᠨ ᠠᠶᠤᠯᠭᠦᠢ ᠶᠢᠨ ᠮᠡᠳᠡᠯᠭᠡ ᠶᠢ ᠥᠷᠢᠰᠦᠯᠳᠦᠨ ᠬᠠᠷᠢᠭᠤᠯᠬᠤ ᠠᠵᠢᠯᠯᠠᠭ᠎ᠠ᠂ ᠤᠬᠠᠭᠤᠯᠭ᠎ᠠ ᠶᠢᠨ ᠪᠣᠳᠠᠰ ᠲᠠᠷᠬᠠᠭᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠰᠤᠷᠤᠭᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠵᠠᠮ ᠢ ᠬᠠᠶᠢᠷᠠᠯᠠᠨ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠪᠠ᠃  ︵ᠯᠢ ᠬᠠᠢ ᠵᠧᠨ  ᠵᠠᠩ ᠯᠤ᠋ ᠰᠡᠭᠦᠳᠡᠷᠯᠡᠪᠡ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号