ᠢᠷᠡᠭᠡᠳᠦᠶ ᠶᠢᠨ 2 — 3 ᠵᠢᠯ ᠳᠤ 5 G ᠨᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠣᠯᠤᠨ᠎ᠠ
ᠨᠡᠶᠢᠲᠡᠯᠡᠭᠰᠡᠨ ᠴᠠᠭ᠄
2020/12/18
     ᠠᠷᠠᠳ ᠤᠨ ᠰᠦᠯᠵᠢᠶ᠎ᠡ ᠶᠢᠨ ᠪᠡᠭᠡᠵᠢᠩ ᠤᠨ 12 ᠰᠠᠷ᠎ᠠ ᠶᠢᠨ 16 ᠤ ᠡᠳᠦᠷ ᠤᠨ ᠮᠡᠳᠡᠭᠡ ︵ᠵᠣᠣ ᠴᠦ᠋ᠦ︶ 12 ᠰᠠᠷ᠎ᠠ ᠶᠢᠨ 15 ᠤ ᠡᠳᠦᠷ᠂ ︽2021 ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠬᠦᠷᠢᠶᠡᠯᠡᠩ ᠤᠨ ICT + ᠭᠦᠨᠵᠡᠭᠡᠶ ᠠᠵᠢᠭᠯᠠᠯᠲᠠ ᠶᠢᠨ ᠮᠡᠳᠡᠭᠦᠯᠦᠯᠲᠡ ᠶᠢᠨ ᠬᠤᠷᠠᠯ︾ ᠲᠣᠭᠠᠴᠢᠯᠠᠭᠰᠠᠨ ᠠᠵᠤ ᠠᠬᠤᠶ ᠶᠢᠨ ᠬᠤᠪᠢᠶᠠᠷᠢ ᠶᠠᠷᠢᠶᠠᠨ ᠤ ᠲᠠᠪᠴᠠᠩ ᠳᠤ᠂ ᠳᠤᠮᠳᠠᠳᠤ ᠤᠯᠤᠰ ᠤᠨ ᠮᠡᠳᠡᠭᠡ ᠵᠠᠩᠭᠢ ᠴᠢᠮᠡᠭᠡ ᠬᠤᠯᠪᠣᠭᠠᠨ ᠤ ᠰᠤᠳᠤᠯᠭᠠᠨ ᠤ ᠬᠦᠷᠢᠶᠡᠯᠡᠩ ︽ᠳᠤᠮᠳᠠᠳᠤ ᠤᠯᠤᠰ ᠤᠨ 5 G ᠶᠢᠨ ᠬᠥᠭᠵᠢᠯᠲᠡ ᠪᠠ ᠠᠵᠤ ᠠᠬᠤᠶ ᠨᠡᠶᠢᠭᠡᠮ ᠤᠨ ᠨᠥᠯᠥᠭᠡᠨ ᠤ ᠴᠠᠭᠠᠨ ᠭᠠᠳᠠᠷᠳᠤ ᠪᠢᠴᠢᠭ ︵2020 ᠣᠨ︶︾ ᠢ ᠨᠡᠶᠢᠲᠡᠯᠡᠪᠡ᠃ ᠴᠠᠭᠠᠨ ᠭᠠᠳᠠᠷᠳᠤ ᠪᠢᠴᠢᠭ ᠲᠤ ᠵᠢᠱᠢᠭᠰᠡᠨ ᠢᠶᠠᠷ᠂ 2020 ᠣᠨ ᠳᠤ 5 G ᠨᠢ ᠠᠵᠤ ᠠᠬᠤᠶ ᠶᠢᠨ ᠶᠡᠷᠦᠩᠬᠡᠶ ᠭᠠᠷᠭᠠᠯᠲᠠ ᠶᠢ 8109 ᠳ᠋ᠦᠩᠰᠢᠭᠤᠷ ᠲᠥᠭᠦᠷᠢᠭ ᠰᠢᠭᠤᠳ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠥᠷᠲᠡᠭ ᠢ 1897 ᠳ᠋ᠦᠩᠰᠢᠭᠤᠷ ᠲᠥᠭᠦᠷᠢᠭ ᠰᠢᠭᠤᠳ ᠳᠠᠶᠢᠴᠢᠯᠠᠵᠤ᠂ ᠶᠡᠷᠦᠩᠬᠡᠶ ᠭᠠᠷᠭᠠᠯᠲᠠ ᠶᠢ ᠳᠠᠮ ᠢᠶᠠᠷ 2.1 ᠲᠦᠮᠡᠨ ᠳ᠋ᠦᠩᠰᠢᠭᠤᠷ ᠲᠥᠭᠦᠷᠢᠭ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠥᠷᠲᠡᠭ ᠢ ᠳᠠᠮ ᠢᠶᠠᠷ 7606 ᠳ᠋ᠦᠩᠰᠢᠭᠤᠷ ᠲᠥᠭᠦᠷᠢᠭ ᠲᠠᠶᠢᠴᠢᠯᠠᠬᠤ ᠪᠤᠯᠤᠨ᠎ᠠ ᠬᠡᠵᠡᠢ᠃      ᠴᠠᠭᠠᠨ ᠭᠠᠳᠠᠷᠳᠤ ᠪᠢᠴᠢᠭ ᠲᠤ᠂ ᠣᠳᠣᠬᠠᠨ ᠳᠤ ᠮᠠᠨ ᠤ ᠤᠯᠤᠰ ᠤᠨ ᠠᠵᠤ ᠠᠬᠤᠶ ᠨᠢᠭᠡᠨᠲᠡ ᠳᠤᠮᠳᠠ ᠬᠤᠷᠳᠤᠴᠠ ᠶᠢᠨ ᠨᠡᠮᠡᠭᠳᠡᠯ ᠤᠨ ᠲᠠᠪᠴᠠᠩ ᠳᠤ ᠣᠷᠣᠪᠠ᠂ ᠣᠯᠠᠨ ᠤᠯᠤᠰ ᠤᠨ ᠣᠷᠴᠢᠨ ᠲᠣᠭᠤᠷᠢᠨ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠠᠬᠤᠶ ᠪᠠᠶᠢᠳᠠᠯ ᠳᠣᠤᠷ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠦᠷᠭᠦᠯᠵᠢᠯᠡᠨ ᠪᠠᠲᠤᠯᠠᠬᠤ ᠳᠤ ᠡᠷᠬᠡᠪᠰᠢ ᠬᠤᠰᠢᠭᠤᠷᠠᠯ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠰᠠᠭᠤᠷᠢ ᠪᠠ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠲᠡᠶ᠃ ᠦᠶ ᠣᠯᠠᠨ ᠬᠤᠰᠢᠭᠤᠷᠠᠯ ᠲᠣᠭᠠᠴᠢᠯᠠᠭᠰᠠᠨ ᠮᠡᠷᠭᠡᠵᠢᠯ ᠤᠨ ᠳᠤᠮᠳᠠ᠂ 5 G ᠨᠢ ᠴᠠᠭ ᠦᠶ᠎ᠡ ᠶᠢ ᠵᠠᠭᠠᠭᠯᠠᠭᠰᠠᠨ ᠮᠡᠷᠭᠡᠵᠢᠯ ᠤᠨ ᠴᠢᠳᠠᠪᠤᠷᠢ᠂ ᠥᠷᠭᠡᠨ ᠳᠡᠯᠭᠡᠷ ᠬᠡᠷᠡᠭᠯᠡᠭᠡᠨ ᠤ ᠬᠡᠲᠦ ᠶᠢᠨ ᠲᠥᠯᠥᠪ ᠵᠢᠴᠢ ᠪᠤᠰᠤᠳ ᠮᠡᠷᠭᠡᠵᠢᠯ ᠢ ᠳᠠᠶᠢᠴᠢᠯᠠᠬᠤ ᠦᠢᠯᠡᠳᠦᠯ ᠢᠶᠠᠷ ᠢᠶᠠᠨ ᠰᠢᠨ᠎ᠡ ᠨᠢᠭᠡ ᠡᠭᠡᠯᠵᠢ ᠶᠢᠨ ᠮᠡᠷᠭᠡᠵᠢᠯ ᠤᠨ ᠬᠤᠪᠢᠰᠬᠠᠯ ᠢ ᠡᠬᠢᠯᠡᠭᠦᠯᠬᠦ ᠵᠠᠩᠭᠢᠯᠠᠭ᠎ᠠ ᠶᠢᠨ ᠲᠤᠯᠬᠤ ᠴᠡᠭ ᠪᠣᠯᠬᠤ ᠪᠣᠯᠤᠮᠵᠢ ᠲᠠᠢ ᠪᠠᠶᠢᠨ᠎ᠠ᠃      ᠮᠠᠨ ᠤ ᠤᠯᠤᠰ ᠤᠨ 5 G ᠢ ᠬᠤᠳᠠᠯᠳᠤᠭᠠᠨ ᠳᠤ ᠬᠡᠷᠡᠭᠯᠡᠭᠰᠡᠨ ᠨᠢᠭᠡ ᠵᠢᠯ ᠤᠨ ᠲᠤᠷᠰᠢ᠂ ᠨᠢᠭᠡᠨᠲᠡ ᠪᠥᠬᠦ ᠳᠡᠯᠡᠬᠡᠶ ᠶᠢᠨ ᠬᠠᠮᠤᠭ ᠤᠨ ᠶᠡᠭᠡ ᠬᠡᠪᠴᠢᠶᠡᠨ ᠤ 5 G ᠢ ᠬᠤᠳᠠᠯᠳᠤᠭᠠᠨ ᠳᠤ ᠬᠡᠷᠡᠭᠯᠡᠬᠦ ᠰᠦᠯᠵᠢᠶ᠎ᠡ ᠶᠢ ᠪᠠᠶᠢᠭᠤᠯᠵᠤ᠂ ᠲᠤᠰᠠᠭᠠᠷ ᠰᠦᠯᠵᠢᠶ᠎ᠡ ᠪᠠᠶᠢᠭᠤᠯᠵᠤ ᠤᠷᠢᠳᠠᠪᠠᠷ ᠬᠡᠪᠴᠢᠶᠡᠵᠢᠭᠦᠯᠦᠨ ᠬᠤᠳᠠᠯᠳᠤᠭᠠᠨ ᠳᠤ ᠬᠡᠷᠡᠭᠯᠡᠬᠦ ᠪᠣᠯᠵᠣ᠂ ᠰᠦᠯᠵᠢᠶᠡᠨ ᠤ ᠴᠢᠳᠠᠮᠵᠢ ᠢᠯᠡᠳᠲᠡ ᠳᠡᠭᠡᠭᠰᠢᠯᠡᠨ᠂ ᠵᠢᠱᠢᠮᠡᠭ ᠲᠤᠰᠬᠠᠶ ᠰᠦᠯᠵᠢᠶ᠎ᠡ ᠶᠢᠨ ᠲᠠᠯ᠎ᠠ ᠪᠠᠷ ᠬᠢ ᠬᠠᠶᠢᠨ ᠰᠥᠪᠡᠭᠴᠢᠯᠡᠯᠲᠡ ᠢᠳᠡᠪᠬᠢᠲᠡᠶ ᠠᠬᠢᠯᠲᠠ ᠲᠠᠢ ᠪᠣᠯᠪᠠ᠃ ᠵᠣᠬᠢᠬᠤ ᠬᠡᠮᠵᠢᠶ᠎ᠡ ᠪᠠᠷ ᠤᠷᠢᠳᠴᠢᠯᠠᠭᠰᠠᠨ ᠰᠦᠯᠵᠢᠶᠡᠨ ᠤ ᠪᠠᠶᠢᠭᠤᠯᠤᠯᠲᠠ ᠨᠢ 5 G ᠶᠢᠨ ᠬᠡᠷᠡᠭᠯᠡᠭᠡᠨ ᠤ ᠬᠥᠭᠵᠢᠯᠲᠡ ᠳᠤ ᠪᠠᠲᠤ ᠰᠠᠭᠤᠷᠢ ᠶᠢ ᠬᠠᠩᠭᠠᠵᠤ᠂ 5 G ᠶᠢᠨ ᠠᠵᠤ ᠠᠬᠤᠶ ᠨᠡᠶᠢᠭᠡᠮ ᠳᠤ ᠦᠵᠡᠭᠦᠯᠬᠦ ᠨᠥᠯᠥᠭᠡ ᠶᠢᠨ ᠳᠠᠯᠳᠠ ᠬᠦᠴᠦᠨ ᠡᠬᠢᠯᠡᠨ ᠢᠯᠡᠷᠡᠪᠡ᠃ ᠨᠢᠭᠡ ᠳᠤ ICT ᠠᠵᠤ ᠦᠢᠯᠡᠰ ᠤᠨ ᠨᠡᠮᠡᠭᠳᠡᠯ ᠤᠨ ᠰᠢᠨ᠎ᠡ ᠵᠠᠮ ᠳᠤ ᠣᠷᠣᠬᠤ ᠶᠢ ᠠᠬᠢᠭᠤᠯᠪᠠ︔ ᠬᠤᠶᠠᠷ ᠲᠤ᠂ ᠮᠢᠩᠭᠠᠨ ᠠᠵᠢᠯ ᠲᠦᠷᠦᠯ ᠢ ᠥᠷᠭᠡᠨ ᠢᠶᠠᠷ ᠠᠭᠤᠰᠤᠯᠴᠠᠭᠤᠯᠵᠤ᠂ ᠠᠵᠤ ᠠᠬᠤᠢ ᠨᠡᠶᠢᠭᠡᠮ ᠤᠨ ᠰᠢᠨ᠎ᠡ ᠶᠢ ᠡᠭᠦᠳᠬᠦ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠶᠢ ᠨᠡᠭᠡᠭᠡᠨ ᠦᠭᠴᠦ ᠪᠠᠶᠢᠨ᠎ᠠ︔ ᠭᠤᠷᠪᠠ ᠳᠤ ᠮᠠᠨ ᠤ ᠤᠯᠤᠰ ᠤᠨ ᠠᠵᠢᠯ ᠣᠯᠭᠤᠯᠲᠠ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠠᠰ ᠳᠡᠪᠰᠢᠬᠦ ᠶᠢ ᠠᠬᠢᠭᠤᠯᠵᠤ᠂ ᠰᠢᠨ᠎ᠡ ᠠᠵᠢᠯ ᠤᠨ ᠪᠠᠶᠢᠷᠢ ᠶᠢ ᠪᠣᠶ ᠪᠣᠯᠭᠠᠬᠤ ᠪᠥᠭᠡᠳ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠳᠣᠤᠷᠠᠳᠤ ᠮᠡᠷᠭᠡᠵᠢᠯ ᠤᠨ ᠠᠵᠢᠯ ᠤᠨ ᠪᠠᠶᠢᠷᠢ ᠠᠴᠠ ᠳᠡᠭᠡᠳᠦ ᠮᠡᠷᠭᠡᠵᠢᠯ ᠤᠨ ᠠᠵᠢᠯ ᠤᠨ ᠪᠠᠶᠢᠷᠢ ᠳᠠᠰᠢ ᠰᠢᠯᠵᠢᠬᠦ ᠶᠢ ᠠᠬᠢᠭᠤᠯᠵᠦ ᠪᠤᠢ ᠬᠡᠪᠡ᠃      ᠴᠠᠭᠠᠨ ᠭᠠᠳᠠᠷᠳᠤ ᠪᠢᠴᠢᠭ ᠲᠤ ᠪᠠᠰᠠ᠂ 5 G ᠶᠢᠨ ᠨᠡᠮᠡᠭᠳᠡᠯ ᠤᠨ ᠳᠠᠯᠳᠠ ᠬᠦᠴᠦᠨ ᠢ ᠪᠠᠳᠠᠷᠠᠭᠤᠯᠬᠤ ᠳᠤ ᠮᠥᠨ ᠬᠦ ᠮᠠᠰᠢ ᠣᠯᠠᠨ ᠥᠷᠢᠰᠥᠯᠳᠦᠭᠡᠨ ᠲᠤᠯᠭᠠᠷᠠᠵᠤ ᠪᠠᠶᠢᠨ᠎ᠠ᠄ ᠨᠢᠭᠡ ᠳᠤ 5 G ᠶᠢᠨ ᠰᠦᠯᠵᠢᠶ᠎ᠡ ᠶᠢ ᠪᠥᠬᠦ ᠤᠯᠤᠰ ᠲᠤ ᠥᠷᠭᠡᠨ ᠢᠶᠠᠷ ᠪᠥᠷᠬᠦᠭᠦᠯᠬᠦ ᠶᠢ ᠬᠠᠷᠠᠬᠠᠨ ᠪᠡᠶᠡᠯᠡᠭᠦᠯᠦᠭᠡᠳᠦᠶ ᠪᠠᠶᠢᠨ᠎ᠠ︔ ᠬᠤᠶᠠᠷ ᠲᠤ 5 G ᠶᠢᠨ ᠲᠤᠯᠭᠠᠭᠤᠷᠢᠯᠠᠬᠤ ᠠᠵᠢᠯ ᠲᠥᠷᠥᠯ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠩᠭᠤᠶ ᠬᠡᠮᠵᠢᠶ᠎ᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠭᠤᠷᠪᠠ ᠳᠤ ᠬᠡᠷᠡᠭᠯᠡᠭᠡᠨ ᠤ ᠢᠵᠢ ᠪᠦᠷᠢᠳᠦᠭᠦᠯᠬᠦ ᠲᠤᠯᠭᠠᠭᠤᠷᠢᠯᠠᠬᠤ ᠠᠵᠤ  ᠦᠢᠯᠡᠰ ᠮᠥᠨ ᠬᠦ ᠪᠤᠶᠢᠵᠢᠯᠲᠠ ᠶᠢᠨ ᠡᠬᠢᠨ ᠤ ᠬᠤᠭᠤᠴᠠᠭᠠᠨ ᠳᠤ ᠣᠷᠣᠰᠢᠵᠤ ᠪᠠᠶᠢᠨ᠎ᠠ︔ ᠳᠥᠷᠪᠡ ᠳᠤ ᠠᠵᠢᠯ ᠲᠥᠷᠥᠯ ᠠᠯᠤᠰᠯᠠᠭᠰᠠᠨ ᠠᠵᠤ  ᠦᠢᠯᠡᠰ ᠤᠨ ᠠᠮᠢ ᠠᠬᠤᠶ ᠶᠢ ᠬᠠᠷᠠᠬᠠᠨ ᠪᠠᠶᠢᠭᠤᠯᠤᠭᠠᠳᠤᠶ ᠪᠠᠶᠢᠭᠰᠠᠭᠠᠷ  ᠪᠠᠶᠢᠨ᠎ᠠ ᠬᠡᠵᠦ ᠵᠢᠭᠠᠵᠤ ᠭᠠᠷᠭᠠᠪᠠ᠃      ᠴᠠᠭᠠᠨ ᠭᠠᠳᠠᠷᠳᠤ ᠪᠢᠴᠢᠭ ᠲᠤ᠂ ᠢᠷᠡᠭᠡᠳᠦᠶ ᠶᠢᠨ 2 — 3 ᠵᠢᠯ ᠳᠤ 5 G ᠨᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠣᠯᠤᠨ᠎ᠠ ᠬᠡᠵᠡᠢ᠃ ᠸᠧᠶ ᠯᠢᠦ ᠷᠦᠩ ᠬᠡᠯᠡᠬᠦ ᠳᠡᠭᠡᠨ᠂ ᠡᠭᠦᠨ ᠳᠤ 5 G ᠰᠦᠯᠵᠢᠶᠡᠨ ᠤ ᠪᠥᠲᠥᠭᠡᠨ ᠪᠠᠶᠢᠭᠤᠯᠤᠯᠲᠠ ᠳᠤ ᠮᠥᠨ ᠬᠦ ᠦᠷᠭᠦᠯᠵᠢᠯᠡᠨ ᠠᠬᠢᠭᠤᠯᠬᠤ ᠬᠠᠨᠳᠤᠰᠢ ᠢᠯᠡᠷᠡᠬᠦ ᠪᠤᠯᠤᠨ᠎ᠠ᠂ ᠵᠢᠱᠢᠯᠲᠡ ᠪᠠᠷ ᠢᠷᠡᠬᠦ ᠵᠢᠯ ᠲᠤᠰᠠᠭᠠᠷ ᠰᠦᠯᠵᠢᠶ᠎ᠡ ᠪᠠᠶᠢᠭᠤᠯᠵᠤ ᠪᠥᠬᠦ ᠲᠠᠯ᠎ᠠ ᠪᠠᠷ ᠬᠡᠪᠴᠢᠶᠡᠵᠢᠭᠦᠯᠦᠨ ᠬᠤᠳᠠᠯᠳᠤᠭᠠᠨ ᠳᠤ ᠬᠡᠷᠡᠭᠯᠡᠬᠦ ᠪᠠᠷ ᠪᠤᠢ᠃ ᠢᠷᠡᠬᠦ ᠬᠤᠶᠠᠷ ᠵᠢᠯ ᠪᠣᠯ 5 G ᠶᠢᠨ ᠠᠵᠢᠯ ᠲᠥᠷᠥᠯ ᠤᠨ ᠬᠡᠷᠡᠭᠯᠡᠭᠡᠨ ᠳᠤ ᠣᠷᠣᠭᠤᠯᠬᠤ ᠬᠤᠭᠤᠴᠠᠭ᠎ᠠ ᠪᠣᠯᠤᠨ᠎ᠠ᠂ 5 G ᠶᠢᠨ 4 K / 8 K ᠶᠢᠨ ᠬᠡᠲᠦ ᠲᠤᠳᠤᠷᠡᠮᠵᠢᠳᠤ ᠰᠢᠭᠤᠳ ᠨᠡᠪᠲᠡᠷᠡᠭᠦᠯᠭᠡ ᠬᠢᠬᠦ᠂ 5 G ᠶᠢᠨ ᠠᠯᠤᠰ ᠡᠵᠡᠮᠰᠢᠯᠲᠦ ᠬᠠᠮᠲᠤᠷᠠᠭᠰᠠᠨ ᠣᠨᠣᠰᠢᠯᠠᠯᠲᠠ ᠬᠢᠬᠦ ᠵᠡᠷᠭᠡ ᠬᠡᠷᠡᠭᠯᠡᠭᠡᠨ ᠳᠤ ᠡᠩ ᠲᠡᠷᠢᠭᠦᠨ ᠳᠤ ᠬᠡᠷᠡᠭᠯᠡᠬᠦ ᠪᠣᠯᠤᠨ᠎ᠠ᠂ ᠭᠡᠪᠡᠴᠦ 5 G ᠶᠢᠨ ᠠᠵᠢᠯ ᠲᠥᠷᠥᠯ ᠤᠨ ᠬᠡᠷᠡᠭᠯᠡᠭᠡᠨ ᠤ ᠬᠡᠪᠴᠢᠶ᠎ᠡ ᠶᠢᠨ ᠦᠷᠭᠡᠵᠢᠯ ᠵᠢᠱᠢᠯᠲᠡ ᠪᠠᠷ 2023 ᠣᠨ ᠠᠴᠠ ᠳᠠᠷᠠᠭ᠎ᠠ ᠰᠠᠶ᠋ᠢ ᠢᠯᠡᠷᠡᠬᠦ ᠪᠣᠯᠤᠨ᠎ᠠ ᠬᠡᠵᠡᠢ᠃http://mongol.people.com.cn/15833082.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号