ᠲᠥᠪ ᠪᠠᠩᠬᠢ᠄ ᠶᠠᠮᠠᠷᠪᠠ ᠨᠢᠭᠡᠴᠡ ᠪᠣᠯᠤᠨ ᠬᠤᠪᠢ ᠬᠥᠮᠦᠨ ᠠᠷᠠᠳ ᠤᠨ ᠵᠤᠭᠤᠰᠤᠨ ᠤ ᠪᠡᠯᠡᠨ ᠵᠣᠭᠤᠰ  ᠦᠭᠴᠦ ᠠᠪᠬᠤ ᠶᠢ ᠲᠡᠪᠴᠢᠵᠦ ᠪᠣᠯᠬᠤ ᠥᠬᠡᠶ
ᠨᠡᠶᠢᠲᠡᠯᠡᠭᠰᠡᠨ ᠴᠠᠭ᠄
2020/12/18
      12 ᠰᠠᠷ᠎ᠠ ᠶᠢᠨ 15 ᠤ ᠡᠳᠦᠷ᠂ ᠲᠥᠪ ᠪᠠᠩᠬᠢ ᠠᠷᠠᠳ ᠤᠨ ᠵᠤᠭᠤᠰᠤᠨ ᠤ ᠪᠡᠯᠡᠨ ᠵᠣᠭᠤᠰ ᠦᠭᠴᠦ ᠠᠪᠬᠤ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ︽ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠵᠠᠷ ︵2020 18 ᠳ᠋ᠤᠭᠠᠷ ᠲᠣᠭᠠᠲᠤ︾ ︵ᠳᠣᠷᠣᠭᠰᠢ ︽ᠠᠯᠪᠠᠨ ᠵᠠᠷ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠠᠯᠪᠠᠨ ᠵᠠᠷ︾ ᠲᠤ᠂ ᠠᠷᠠᠳ ᠤᠨ ᠵᠣᠭᠤᠰ ᠪᠣᠯ ᠮᠠᠨ ᠤ ᠤᠯᠤᠰ ᠤᠨ ᠬᠠᠤᠯᠢ ᠪᠠᠷ ᠲᠣᠭᠲᠠᠭᠠᠭᠰᠠᠨ ᠵᠣᠭᠤᠰ ᠮᠥᠨ᠂ ᠠᠷᠠᠳ ᠤᠨ ᠵᠤᠭᠤᠰᠤᠨ ᠤ ᠪᠡᠯᠡᠨ ᠵᠣᠭᠤᠰ ᠪᠣᠯ ᠮᠠᠨ ᠤ ᠤᠯᠤᠰ ᠤᠨ ᠬᠢᠯᠢ ᠳᠣᠲᠣᠷᠠᠬᠢ ᠲᠤᠭᠠᠴᠠᠭ᠎ᠠ ᠬᠢᠬᠦ ᠬᠠᠮᠤᠭ ᠤᠨ ᠰᠠᠭᠤᠷᠢ ᠠᠷᠭ᠎ᠠ ᠪᠠᠷᠢᠯ ᠮᠥᠨ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠪᠡᠯᠡᠨ ᠵᠤᠭᠤᠰ ᠦᠭᠭᠦ ᠶᠢ ᠭᠥᠯᠢᠶᠡᠨ ᠠᠪᠬᠤ ᠥᠬᠡᠶ ᠪᠠᠶᠢᠵᠤ ᠪᠣᠯᠬᠤ ᠥᠬᠡᠶ ᠬᠡᠪᠡ᠃      ︽ᠠᠯᠪᠠᠨ ᠵᠠᠷ︾ ᠲᠤ᠂ ᠤᠶᠤᠨᠴᠢᠯᠠᠭᠰᠠᠨ ᠦᠢᠯᠡᠴᠢᠯᠡᠭᠡ ᠶᠢ ᠥᠷᠭᠡᠨ ᠢᠶᠠᠷ ᠬᠡᠷᠡᠭᠯᠡᠬᠦ ᠨᠢ ᠣᠯᠠᠨ ᠨᠡᠶᠢᠲᠡ ᠶᠢᠨ ᠠᠮᠢᠳᠤᠷᠠᠯ ᠤᠨ ᠬᠡᠷᠡᠭᠯᠡᠭᠡᠨ ᠤ ᠠᠷᠭ᠎ᠠ ᠮᠠᠶ᠋ᠢᠭ ᠢ ᠭᠦᠨᠵᠡᠭᠡᠶ ᠪᠥᠭᠡᠳ ᠦᠷᠭᠦᠯᠵᠢᠯᠡᠨ ᠬᠤᠪᠢᠷᠠᠭᠤᠯᠵᠤ ᠪᠠᠶᠢᠨ᠎ᠠ᠃ ᠣᠯᠠᠨ ᠡᠰᠢᠵᠢᠭᠰᠡᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ᠂ ᠣᠯᠠᠨ ᠨᠡᠶᠢᠲᠡ ᠶᠢᠨ ᠪᠡᠯᠡᠨ ᠵᠣᠭᠤᠰ ᠤᠨ ᠬᠡᠷᠡᠭᠴᠡᠭᠡ ᠶᠢ ᠪᠠᠲᠤᠯᠠᠵᠤ᠂ ᠠᠷᠠᠳ ᠤᠨ ᠵᠣᠭᠤᠰ ᠤᠨ ᠬᠠᠤᠯᠢ ᠪᠠᠷ ᠲᠣᠭᠲᠠᠭᠠᠭᠰᠠᠨ ᠪᠠᠶᠢᠷᠢ ᠰᠠᠭᠤᠷᠢ ᠶᠢ ᠬᠠᠮᠠᠭᠠᠯᠠᠬᠤ ᠪᠣᠯ ᠠᠷᠠᠳ ᠤᠨ ᠪᠠᠩᠬᠢ ᠳᠤ ᠣᠷᠳᠣ ᠬᠤᠭᠤᠴᠠᠭ᠎ᠠ ᠪᠠᠷ ᠲᠤᠯᠭᠠᠷᠠᠵᠤ ᠪᠠᠶᠢᠭ᠎ᠠ ᠴᠢᠬᠤᠯᠠ ᠶᠡᠭᠡ ᠰᠡᠳᠦᠪ ᠪᠣᠯᠤᠨ᠎ᠠ᠃ ᠣᠶᠢᠷ᠎ᠠ ᠶᠢᠨ ᠬᠡᠳᠦᠨ ᠵᠢᠯ ᠤᠨ ᠤᠬᠠᠭᠤᠯᠤᠨ ᠴᠡᠭᠴᠡᠯᠡᠨ ᠵᠠᠰᠠᠬᠤ ᠪᠠᠷ ᠳᠠᠮᠵᠢᠭᠠᠳ᠂ ᠠᠷᠠᠳ ᠤᠨ ᠵᠤᠭᠤᠰᠤᠨ ᠤ ᠪᠡᠯᠡᠨ ᠵᠣᠭᠤᠰ ᠢ ᠬᠤᠷᠢᠶᠠᠨ ᠠᠪᠬᠤ ᠦᠭᠡᠶ ᠪᠠᠶᠢᠬᠤ ᠠᠰᠠᠭᠤᠳᠠᠯ ᠶᠡᠷᠦᠩᠬᠡᠶ ᠳᠡᠭᠡᠨ ᠨᠠᠮᠳᠠᠭᠰᠠᠨ ᠪᠣᠯᠪᠠᠴᠤ ᠵᠠᠷᠢᠮ ᠬᠤᠳᠠᠯᠳᠤᠭᠠᠨ ᠤ ᠡᠷᠦᠬᠡ᠂ ᠪᠠᠶᠢᠭᠤᠯᠤᠮᠵᠢ ᠵᠡᠷᠭᠡ ᠪᠡᠶᠡᠴᠢ ᠴᠣᠭᠴᠠ ᠨᠢ ᠲᠤᠰ ᠪᠡᠶ᠎ᠡ ᠶᠢᠨ ᠪᠡᠯᠡᠨ ᠵᠣᠭᠤᠰ ᠤᠨ ᠣᠷᠣᠯᠭ᠎ᠠ ᠵᠠᠷᠤᠯᠭ᠎ᠠ ᠶᠢᠨ ᠳᠤᠮᠳᠠᠬᠢ ᠬᠠᠷᠢᠭᠤᠴᠠᠯᠭ᠎ᠠ ᠪᠠ ᠡᠭᠦᠷᠭᠡ ᠶᠢᠨ ᠢᠶᠠᠨ ᠲᠤᠬᠠᠶ ᠠᠳᠠᠯᠢ ᠪᠤᠰᠤ ᠬᠡᠮᠵᠢᠶᠡᠨ ᠤ ᠲᠠᠨᠢᠯᠲᠠ ᠶᠢᠨ ᠠᠳᠡᠭᠦᠷᠡᠯ ᠲᠠᠢ ᠪᠠᠶᠢᠬᠤ ᠪᠠ ᠵᠥᠷᠢᠶ᠎ᠡ ᠲᠠᠢ ᠪᠠᠶᠢᠨ᠎ᠠ᠂ ᠡᠰᠡᠬᠦᠯ᠎ᠡ ᠥᠪᠡᠷ ᠤᠨ ᠥᠷᠲᠡᠭ ᠢ ᠬᠢᠵᠠᠭᠠᠷᠯᠠᠬᠤ᠂ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠵᠡᠷᠭᠡ ᠰᠢᠯᠲᠠᠭᠠᠨ ᠠᠴᠠ ᠪᠣᠯᠵᠤ᠂ ᠪᠡᠯᠡᠨ ᠵᠣᠭᠤᠰ ᠬᠤᠷᠢᠶᠠᠵᠤ ᠠᠪᠬᠤ ᠳᠤᠷ᠎ᠠ ᠦᠭᠡᠶ ᠪᠤᠯᠬᠤ ᠵᠡᠷᠭᠡ ᠦᠵᠡᠭᠳᠡᠯ ᠣᠷᠣᠰᠢᠵᠤ ᠪᠠᠶᠢᠨ᠎ᠠ᠃      ᠢᠯᠠᠩᠭᠤᠶ᠎ᠠ ᠡᠨᠡ ᠵᠢᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠡᠯᠭᠡᠷᠡᠭᠰᠡᠨ ᠪᠤᠯᠵᠤ ᠪᠡᠯᠡᠨ ᠵᠣᠭᠤᠰ ᠥᠭᠬᠦ ᠪᠠ ᠬᠤᠷᠢᠶᠠᠨ ᠠᠪᠬᠤ ᠣᠷᠴᠢᠨ ᠲᠣᠭᠤᠷᠢᠨ ᠳᠤ ᠪᠠᠰᠠ ᠰᠢᠨ᠎ᠡ ᠨᠥᠯᠥᠭᠡ ᠭᠠᠷᠴᠤ᠂ ᠪᠡᠯᠡᠨ ᠵᠣᠭᠤᠰ ᠬᠤᠷᠢᠶᠠᠨ ᠠᠪᠬᠤ ᠶᠢ ᠲᠡᠪᠴᠢᠬᠦ ᠠᠰᠠᠭᠤᠳᠠᠯ ᠳᠠᠬᠢᠨ ᠬᠦᠨᠳᠦᠷᠡᠭᠰᠡᠨ ᠪᠠᠶᠢᠨ᠎ᠠ᠄ ᠨᠢᠭᠡ ᠳᠤ ᠬᠡᠰᠡᠭ ᠡᠮ ᠡᠮᠨᠡᠯᠭᠡ᠂ ᠶᠠᠪᠤᠵᠤ ᠰᠠᠭᠤᠬᠤ᠂ ᠤᠰᠤ ᠴᠠᠬᠢᠯᠭᠠᠨ ᠨᠡᠭᠦᠷᠡᠰᠦᠨ ᠬᠡᠶ ᠵᠡᠷᠭᠡ ᠦᠨᠳᠦᠰᠦᠨ ᠣᠯᠠᠨ ᠨᠡᠶᠢᠲᠡ ᠶᠢᠨ  ᠦᠢᠯᠡᠴᠢᠯᠡᠭᠡ ᠵᠢᠴᠢ ᠡᠩ ᠤᠨ ᠠᠮᠢᠳᠤᠷᠠᠯ ᠤᠨ ᠬᠡᠷᠡᠭᠯᠡᠭᠡ ᠵᠡᠷᠭᠡ ᠬᠦᠷᠢᠶᠡᠨ ᠳᠤ ᠤᠤᠯ ᠤᠨ ︽ᠨᠢᠭᠤᠷᠳᠠᠨ ᠦᠭᠴᠦ ᠠᠪᠴᠤ︾ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠰᠦᠯᠵᠢᠶᠡᠨ ᠳᠡᠭᠡᠷ᠎ᠡ ᠬᠦᠢᠴᠡᠳᠭᠡᠬᠦ ᠪᠣᠯᠵᠣ᠂ ᠴᠢᠨᠠᠭᠰᠢᠯᠠᠭᠠᠳ ᠵᠠᠷᠢᠮ ᠨᠢ ᠲᠤᠬᠠᠶ ᠶᠢᠨ ᠲᠠᠯᠠᠪᠤᠷ ᠤᠨ ᠦᠢᠯᠡᠴᠢᠯᠡᠭᠡ ᠪᠠᠨ ᠬᠦᠴᠦᠨ ᠥᠬᠡᠶ ᠪᠣᠯᠭᠠᠪᠠ︔ ᠬᠤᠶᠠᠷ ᠲᠤ᠂ ︽ᠥᠯᠥ ᠬᠦᠷᠦᠯᠴᠡᠬᠦ ᠬᠡᠯᠪᠡᠷᠢ︾ ᠵᠡᠷᠭᠡ ᠰᠢᠨ᠎ᠡ ᠬᠡᠷᠡᠭᠯᠡᠭᠡᠨ ᠤ ᠵᠠᠭᠪᠤᠷ ᠢ ᠬᠡᠷᠡᠭᠯᠡᠵᠦ ᠣᠯᠠᠩᠬᠢ ᠨᠢ ᠪᠡᠯᠡᠨ ᠵᠣᠭᠤᠰ ᠤᠨ ᠣᠷᠣᠯᠭ᠎ᠠ ᠵᠠᠷᠤᠯᠭ᠎ᠠ ᠶᠢᠨ ᠬᠡᠷᠡᠭᠴᠡᠭᠡ ᠶᠢ ᠪᠣᠳᠣᠯᠬᠢᠯᠠᠭᠰᠠᠨ ᠥᠬᠡᠶ ᠠᠴᠠ ᠪᠣᠯᠵᠣ᠂ ᠬᠡᠰᠡᠭ ᠬᠥᠮᠦᠰ ᠢᠯᠠᠩᠭᠤᠶ᠎ᠠ ᠨᠠᠰᠤᠲᠠᠶᠢᠴᠤᠳ ᠤᠨ ᠬᠡᠷᠡᠭᠯᠡᠭᠡ ᠵᠢᠴᠢ ᠲᠣᠭᠠᠴᠠᠭ᠎ᠠ ᠬᠢᠬᠦ ᠬᠠᠷᠰᠢ ᠰᠠᠭᠠᠳ ᠢ ᠪᠣᠶ ᠪᠣᠯᠭᠠᠪᠠ︔ ᠭᠤᠷᠪᠠ ᠳᠤ ᠵᠠᠷᠢᠮ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠠᠵᠢᠯᠲᠠᠨ ᠵᠣᠴᠢᠳ ᠢ ᠬᠥᠲᠥᠯᠥᠨ ᠵᠢᠯᠣᠭᠤᠳᠴᠤ ᠪᠠᠶᠢᠭᠠᠳ APP ᠤᠭᠰᠠᠷᠠᠭᠤᠯᠵᠤ᠂ ᠵᠢᠵᠢᠭ ᠫᠷᠤᠭ᠍ᠷᠠᠮ ᠢ ᠠᠩᠬᠠᠷᠤᠭᠤᠯᠬᠤ ᠳᠤ ᠬᠠᠯᠠᠮᠰᠢᠬᠰᠠᠨ ᠪᠤᠯᠵᠤ᠂ ᠠᠮᠠᠷᠬᠠᠨ ᠭᠠᠳᠠᠭᠤᠷᠴᠢᠯᠠᠬᠤ ᠪᠤᠳᠤᠯ ᠡᠭᠦᠰᠴᠦ᠂ ᠪᠡᠯᠡᠨ ᠵᠣᠭᠤᠰ ᠦᠭᠴᠦ ᠠᠪᠬᠤ ᠶᠢ ᠭᠠᠳᠠᠭᠤᠷᠴᠢᠯᠠᠬᠤ ᠪᠠᠶᠢᠳᠠᠯ ᠭᠠᠷᠴᠠᠢ ᠬᠡᠵᠦ ᠵᠢᠭᠠᠵᠤ ᠭᠠᠷᠭᠠᠵᠠᠢ᠃http://mongol.people.com.cn/15833083.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号