ᠰᠢᠪᠲᠤᠯᠤᠯᠲᠠ︕ ᠮᠠᠨ ᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ 5 ᠸᠠᠺᠼᠢᠨ ᠢ Ⅲ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠳᠤ ᠤᠷᠤᠭᠤᠯᠪᠠ
ᠨᠡᠶᠢᠲᠡᠯᠡᠭᠰᠡᠨ ᠴᠠᠭ᠄
2020/12/18
      ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 16 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠹᠠᠩ   ᠳ᠋ᠦᠩ ᠷᠦᠢ ᠹᠧᠩ︶ ︽ᠮᠠᠨ ᠤ ᠤᠯᠤᠰ ᠣᠳᠣᠬᠠᠨ ᠳᠤ ᠨᠢᠭᠡᠨᠲᠡ ᠰᠢᠨ᠎ᠡ ᠲᠢᠲᠢᠮᠯᠢᠭ ᠸᠢᠷᠦ᠋ᠰ ᠤᠨ 5 ᠸᠠᠺᠼᠢᠨ ᠢ Ⅲ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠳᠤ ᠤᠷᠤᠭᠤᠯᠵᠤ᠂ ᠲᠤᠭ᠎ᠠ ᠬᠡᠮᠵᠢᠶ᠎ᠡ ᠪᠠᠷ ᠢᠶᠠᠨ ᠪᠦᠬᠦ ᠪᠥᠮᠪᠥᠷᠴᠡᠭ ᠤᠨ ᠡᠮᠦᠨ᠎ᠡ ᠡᠩᠨᠡᠭᠡᠨ ᠳᠤ ᠪᠠᠶᠢᠷᠢᠯᠠᠵᠤ ᠪᠠᠶᠢᠨ᠎ᠠ︾᠃ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠤᠷᠢᠬᠯᠠᠬᠤ ᠲᠣᠭᠲᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠳᠤᠭᠤᠶᠢᠯᠠᠩ ᠤᠨ ᠸᠠᠺᠼᠢᠨ ᠰᠤᠳᠤᠯᠤᠨ ᠨᠡᠭᠡᠭᠡᠬᠦ ᠲᠤᠰᠬᠠᠶ ᠠᠩᠭᠢ ᠶᠢᠨ ᠠᠵᠢᠯ ᠤᠨ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ ᠵᠧᠩ ᠵᠥᠩ ᠸᠧᠶ ᠲᠦᠷᠦᠭᠦᠬᠡᠨ ᠰᠢᠨᠬᠤᠧᠠ ᠬᠤᠷᠢᠶᠠᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ︽ᠸᠠᠺᠼᠢᠨ ᠰᠤᠳᠤᠯᠤᠨ ᠨᠡᠭᠡᠭᠡᠬᠦ ᠠᠵᠢᠯ ᠨᠢᠭᠡᠨᠲᠡ ᠰᠢᠪᠲᠤᠯᠤᠯᠲᠠ ᠶᠢᠨ ᠱᠠᠲᠤᠨ ᠳᠤ ᠣᠷᠣᠵᠤ᠂ ᠪᠢᠳᠡ ᠪᠥᠬᠦ ᠪᠥᠮᠪᠥᠷᠴᠡᠭ ᠤᠨ ᠨᠢᠭᠡᠳᠦᠭᠡᠷ ᠵᠢᠭᠰᠠᠭᠠᠯ ᠳᠤ ᠤᠷᠤᠪᠠ᠂ ᠭᠡᠪᠡᠴᠦ ᠨᠢᠭᠡᠳᠦᠭᠡᠷ ᠲᠤ ᠤᠷᠤᠬᠤ ᠪᠠᠷ ᠠᠯᠪᠠ ᠪᠠᠷ ᠬᠦᠶᠦᠬᠦ ᠦᠭᠡᠢ︾ ᠬᠡᠵᠦ ᠬᠡᠯᠡᠪᠡ᠃      ᠵᠧᠩ ᠵᠥᠩ ᠸᠧᠶ ᠬᠡᠯᠡᠬᠦ ᠳᠡᠭᠡᠨ᠂ ᠨᠢᠭᠡ ᠸᠠᠺᠼᠢᠨ ᠢ ᠦᠨᠡᠯᠡᠬᠦ ᠳᠤ ᠣᠯᠠᠨ ᠵᠦᠢᠯ ᠤᠨ ᠶᠡᠷᠦᠩᠬᠡᠶᠢᠯᠡᠭᠰᠡᠨ  ᠬᠦᠢᠴᠡᠳᠭᠡᠯ ᠲᠤᠭ᠎ᠠ ᠬᠡᠷᠡᠭᠰᠡᠨ᠎ᠡ᠂ ᠡᠭᠦᠨ ᠳᠤ ᠠᠶᠤᠯᠭᠦᠶ ᠴᠢᠨᠠᠷ᠂ ᠪᠦᠲᠦᠮᠵᠢᠲᠦ ᠴᠢᠨᠠᠷ᠂ ᠬᠡᠷᠡᠭᠯᠡᠵᠦ ᠪᠣᠯᠬᠤᠶᠢᠴᠠ ᠴᠢᠨᠠᠷ᠂ ᠡᠭᠦᠷᠭᠡᠯᠡᠵᠦ ᠪᠣᠯᠬᠤᠶᠢᠴᠠ ᠴᠢᠨᠠᠷ ᠪᠣᠯ ᠬᠠᠮᠤᠭ ᠤᠨ ᠴᠢᠬᠤᠯᠠ ᠶᠤᠮ᠃ ︽ᠪᠢᠳᠡ ᠶᠠᠭ ᠶᠡᠭᠡ ᠬᠡᠪᠴᠢᠶᠡᠨ ᠤ ᠦᠢᠯᠡᠳᠪᠦᠷᠢᠯᠡᠯ ᠤᠨ ᠪᠡᠯᠡᠳᠬᠡᠯ ᠢ ᠰᠠᠶᠢᠲᠤᠷ ᠬᠢᠵᠦ ᠪᠠᠶᠢᠨ᠎ᠠ︾ ᠬᠡᠪᠡ᠃  ᠣᠶᠢᠯᠠᠭᠠᠭᠰᠠᠨ ᠢᠶᠠᠷ᠂ ᠬᠢᠵᠢᠭ ᠡᠭᠦᠰᠦᠭᠰᠡᠨ ᠠᠴᠠ ᠨᠠᠭᠠᠰᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠬᠯᠠᠬᠤ ᠲᠣᠭᠲᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠳᠤᠭᠤᠶᠢᠯᠠᠩ ᠤᠨ ᠸᠠᠺᠼᠢᠨ ᠰᠤᠳᠤᠯᠤᠨ ᠨᠡᠭᠡᠭᠡᠬᠦ ᠲᠤᠰᠬᠠᠶ ᠠᠩᠭᠢ ᠪᠣᠯᠤᠨ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠶᠢᠯᠠᠯᠳᠤᠭᠠᠨ ᠤ ᠦᠶ᠎ᠡ ᠶᠢᠨ ᠪᠠᠶᠢᠳᠠᠯ ᠢᠶᠠᠷ ᠸᠠᠺᠼᠢᠨ ᠤ ᠡᠯ᠎ᠡ ᠲᠠᠯ᠎ᠠ ᠶᠢᠨ ᠠᠵᠢᠯ ᠢ ᠠᠬᠢᠭᠤᠯᠵᠤ᠂ ᠰᠢᠨᠵᠢᠯᠡᠬᠦ ᠤᠬᠠᠭᠠᠨ ᠤ ᠠᠵᠢᠯᠲᠠᠳ ᠴᠠᠭ ᠮᠥᠴᠡ ᠶᠢ ᠠᠮᠵᠢᠨ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠪᠠ᠃ ᠣᠳᠣᠬᠠᠨ ᠳᠤ 5 ᠵᠦᠢᠯ ᠤᠨ ᠮᠡᠷᠭᠡᠵᠢᠯ ᠤᠨ ᠱᠤᠭᠤᠮ ᠳᠤ ᠨᠡᠶᠢᠳᠡ 15 ᠸᠠᠺᠼᠢᠨ ᠢ ᠡᠮᠴᠢᠯᠡᠭᠡᠨ ᠤ ᠲᠤᠷᠰᠢᠯᠲᠠ ᠳᠤ ᠣᠷᠣᠭᠤᠯᠪᠠ᠃      ᠬᠤᠯᠪᠣᠭᠳᠠᠯ ᠪᠥᠬᠦᠶ ᠲᠠᠯ᠎ᠠ ᠶᠢᠨ ᠬᠢᠨ ᠸᠠᠺᠼᠢᠨ ᠤ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢ ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ ᠴᠢᠩᠭ᠎ᠠ ᠨᠢᠮᠪᠠᠶ ᠠᠬᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠣᠯᠠᠨ ᠤᠯᠤᠰ ᠤᠨ ᠮᠡᠳᠡᠷᠡᠭᠰᠡᠨ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠵᠦ᠂ ᠸᠠᠺᠼᠢᠨ ᠤ ᠠᠶᠤᠯᠬᠦᠢ ᠪᠦᠲᠦᠮᠵᠢᠲᠡᠶ ᠪᠠᠶᠢᠬᠤ᠂ ᠡᠯ᠎ᠡ ᠲᠠᠯ᠎ᠠ ᠶᠢᠨ ᠰᠢᠯᠭᠠᠯᠲᠠ ᠶᠢ ᠳᠠᠭᠠᠭᠠᠵᠤ ᠳᠡᠶᠢᠯᠬᠦ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠵᠤ ᠪᠠᠶᠢᠨ᠎ᠠ᠃      ᠨᠢᠭᠡᠨᠲᠡ Ⅲ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠳᠤ ᠤᠷᠤᠭᠰᠠᠨ ᠸᠠᠺᠼᠢᠨ ᠳᠤ ᠤᠯᠤᠰ ᠤᠨ ᠡᠮ ᠤᠨ ᠪᠦᠯᠦᠭᠯᠡᠯ ᠤᠨ ᠳᠤᠮᠳᠠᠳᠤ ᠤᠯᠤᠰ ᠤᠨ ᠠᠮᠢᠳᠤ ᠪᠣᠳᠠᠰ ᠤᠨ 2 ᠢᠳᠡᠪᠬᠢ ᠥᠬᠡᠶᠢᠳᠡᠭᠦᠯᠦᠭᠰᠡᠨ ᠸᠠᠺᠼᠢᠨ᠂ ᠪᠡᠭᠡᠵᠢᠩ ᠤᠨ ᠺᠧ ᠰᠢᠩ ᠵᠥᠩ ᠸᠧᠶ ᠺᠣᠮᠫᠠᠨᠢ ᠶᠢᠨ 1 ᠢᠳᠡᠪᠬᠢ ᠥᠬᠡᠶᠢᠳᠡᠭᠦᠯᠦᠭᠰᠡᠨ ᠸᠠᠺᠼᠢᠨ᠂ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠺᠠᠩ ᠰᠢ ᠨᠦᠸᠧ ᠺᠣᠮᠫᠠᠨᠢ ᠶᠢᠨ ᠬᠠᠮᠲᠤᠷᠠᠨ ᠰᠤᠳᠤᠯᠤᠨ ᠦᠢᠯᠡᠳᠦᠭᠰᠡᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠢᠺᠷᠣᠪ ᠤᠨ ᠭᠠᠵᠠᠷ ᠪᠠ ᡁᠢ ᠹᠸᠢ ᠠᠮᠢᠳᠤ ᠪᠣᠳᠠᠰ ᠤᠨ ᠺᠣᠮᠫᠠᠨᠢ ᠶᠢᠨ ᠬᠠᠮᠲᠤᠷᠠᠨ ᠰᠤᠳᠤᠯᠤᠨ ᠦᠢᠯᠡᠳᠦᠭᠰᠡᠨ ᠤᠭᠤᠷᠠᠭ ᠤᠨ ᠸᠠᠺᠼᠢᠨ ᠪᠤᠢ᠃http://mongol.people.com.cn/15833084.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号