ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠣᠣ ᠥᠷᠭᠡᠨ︶ 11 | ᠰᠠᠷ᠎ᠠ ᠶᠢᠨ 30 ᠤ ᠥᠳᠡ ᠶᠢᠨ ᠡᠮᠦᠨ᠎ᠡ᠂ 2020— 2021 ᠤᠨ ᠤ ᠳᠤᠮᠳᠠᠳᠤ ᠤᠯᠤᠰ ᠤᠨ ᠡᠮᠡᠭᠲᠡᠶ ᠶᠢᠨ | ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠶᠠᠳᠤᠭᠠᠷ ᠱᠠᠲᠤᠨ ᠤ ᠤᠷᠤᠯᠳᠤᠭᠠᠨ ᠤ ᠰᠤᠨᠢᠨ ᠮᠡᠳᠡᠭᠡ | ᠨᠠᠶᠢᠳᠠᠯᠠᠬᠦ ᠬᠤᠷᠠᠯ ᠬᠥᠬᠡᠬᠤᠳᠠ ᠳᠤ ᠶᠠᠪᠤᠬᠳᠠᠪᠠ᠃ ᠬᠤᠷᠠᠯ ᠠᠴᠠ ᠬᠤᠶᠠᠳᠤᠭᠠᠷ ᠱᠠᠳᠤᠨ ᠤ ᠤᠷᠤᠯᠳᠤᠭᠠᠨ 12 | ᠰᠠᠷ᠎ᠠ ᠶᠢᠨ 1 — 24 ᠤ ᠡᠳᠤᠷ ᠪᠣᠯᠲᠠᠯ᠎ᠠ ᠬᠥᠬᠡᠬᠤᠳᠠ ᠳᠤ ᠶᠠᠪᠤᠬᠳᠠᠬᠤ ᠪᠠᠷ ᠪᠣᠯᠣᠭᠰᠠᠨ ᠢ ᠨᠠᠶᠢᠳᠠᠯᠠᠵᠠᠢ᠃ | ᠳᠤᠮᠳᠠᠳᠤ ᠤᠯᠤᠰ ᠤᠨ ᠡᠮᠡᠭᠲᠡᠢ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠪᠠᠰᠠ | WCBA ᠭᠡᠵᠥ ᠨᠡᠷᠡᠯᠡᠳᠡᠭ᠂ ᠳᠤᠮᠳᠠᠳᠤ ᠤᠯᠤᠰ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠭᠤᠣᠯᠯᠠᠨ | ᠡᠷᠭᠢᠯᠡᠵᠦ ᠪᠠᠶᠢᠭ᠎ᠠ ᠳᠤᠮᠳᠠᠳᠤ ᠤᠯᠤᠰ ᠤᠨ ᠡᠮᠡᠭᠲᠡᠶᠢᠴᠦᠳ ᠤᠨ ᠰᠠᠭᠰᠤᠨ ᠪᠥᠮᠪᠦᠭᠡ ᠶᠢᠨ ᠤᠷᠤᠯᠳᠤᠭᠠᠨ ᠤ | ᠬᠠᠮᠤᠭ ᠤᠨ ᠥᠨᠳᠥᠷ ᠳᠡᠰ ᠤᠨ ᠬᠤᠯᠪᠣᠭᠠᠲᠤ ᠤᠷᠤᠯᠳᠤᠭᠠᠨ ᠪᠣᠯᠣᠨ᠎ᠠ᠃ ᠬᠤᠶᠠᠳᠤᠭᠠᠷ ᠱᠠᠲᠤᠨ ᠤ | ᠤᠷᠤᠯᠳᠤᠭᠠᠨ ᠳᠤ ᠪᠦᠬᠦ ᠤᠯᠤᠰ ᠤᠨ 17 ᠬᠤᠲᠠ ᠶᠢᠨ 17 ᠪᠥᠮᠪᠥᠭᠡᠨ ᠠᠩᠭᠢ ᠣᠷᠣᠯᠴᠠᠵᠤ᠂ 5 ᠬᠥᠮᠦᠨ ᠤ | ᠳᠦᠷᠢᠮᠲᠦ ᠤᠷᠤᠯᠳᠤᠭᠠᠨ ᠪᠠ ᠰᠢᠨ᠎ᠡ ᠤᠷᠤᠯᠳᠤᠭᠠᠨ ᠤ ᠤᠯᠠᠷᠢᠯ ᠳᠤ ᠨᠡᠮᠡᠭᠳᠡᠭᠰᠡᠨ 3 ᠬᠥᠮᠦᠨ ᠤ ᠤᠷᠤᠯᠳᠤᠭᠠᠨ | ᠭᠡᠵᠦ ᠬᠤᠶᠠᠷ ᠲᠤᠭᠤᠢᠢᠯᠠᠩ ᠬᠤᠪᠢᠶᠠᠨ᠂ ᠨᠡᠶᠢᠲᠡ 60 ᠲᠠᠯᠠᠪᠠᠢ ᠤᠷᠤᠯᠳᠤᠨ᠎ᠠ᠃ ᠳᠤᠮᠳᠠᠳᠤ ᠤᠯᠤᠰ ᠤᠨ | ᠰᠠᠭᠰᠤᠨ ᠪᠥᠮᠪᠦᠭᠡ ᠶᠢᠨ ᠨᠡᠶᠢᠭᠡᠮᠯᠢᠭ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠥᠷ ᠮᠣᠩᠭᠤᠯ ᠤᠨ ᠰᠠᠭᠰᠤᠨ | ᠪᠥᠮᠪᠦᠭᠡ ᠶᠢᠨ ᠨᠡᠶᠢᠭᠡᠮᠯᠢᠭ ᠳᠠᠭᠠᠭᠠᠴᠢᠯᠠᠨ ᠡᠷᠬᠢᠯᠠᠪᠡ᠃ | ᠲᠤᠰ ᠤᠳᠠᠭ᠎ᠠ ᠶᠢᠨ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠭᠦᠩᠵᠦ ᠶᠢᠨ ᠣᠷᠳᠣᠨ ᠴᠡᠴᠡᠷᠯᠢᠭ ᠤᠨ ᠪᠡᠶ᠎ᠡ ᠶᠢᠨ | ᠲᠠᠮᠢᠷ ᠤᠨ ᠣᠷᠳᠣᠨ ᠪᠠ Vplus ᠰᠠᠭᠰᠤᠨ ᠪᠥᠮᠪᠦᠭᠡ ᠶᠢᠨ ᠣᠷᠳᠣᠨ ᠵᠡᠷᠭᠡ 3 ᠤᠷᠤᠯᠳᠤᠭᠠᠨ ᠤ ᠲᠠᠯᠠᠪᠤᠷ ᠲᠤ | ᠲᠤᠬᠢᠷᠠᠭᠤᠯᠵᠠᠢ᠃ |