2020— 2021 ᠤᠨ ᠤ ᠳᠤᠮᠳᠠᠳᠤ ᠤᠯᠤᠰ ᠤᠨ ᠡᠮᠡᠭᠲᠡᠶ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠶᠠᠳᠤᠭᠠᠷ ᠱᠠᠲᠤᠨ ᠤ  ᠤᠷᠤᠯᠳᠤᠭᠠᠨ ᠬᠥᠬᠡᠬᠤᠳᠠ ᠳᠤ ᠡᠬᠢᠯᠡᠵᠡᠢ
ᠨᠡᠶᠢᠲᠡᠯᠡᠭᠰᠡᠨ ᠴᠠᠭ᠄
2020/12/2
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠣᠣ ᠥᠷᠭᠡᠨ︶ 11 ᠰᠠᠷ᠎ᠠ ᠶᠢᠨ 30 ᠤ ᠥᠳᠡ ᠶᠢᠨ ᠡᠮᠦᠨ᠎ᠡ᠂ 2020— 2021 ᠤᠨ ᠤ ᠳᠤᠮᠳᠠᠳᠤ ᠤᠯᠤᠰ ᠤᠨ ᠡᠮᠡᠭᠲᠡᠶ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠶᠠᠳᠤᠭᠠᠷ ᠱᠠᠲᠤᠨ ᠤ ᠤᠷᠤᠯᠳᠤᠭᠠᠨ ᠤ ᠰᠤᠨᠢᠨ ᠮᠡᠳᠡᠭᠡ ᠨᠠᠶᠢᠳᠠᠯᠠᠬᠦ ᠬᠤᠷᠠᠯ ᠬᠥᠬᠡᠬᠤᠳᠠ ᠳᠤ ᠶᠠᠪᠤᠬᠳᠠᠪᠠ᠃ ᠬᠤᠷᠠᠯ ᠠᠴᠠ ᠬᠤᠶᠠᠳᠤᠭᠠᠷ ᠱᠠᠳᠤᠨ ᠤ ᠤᠷᠤᠯᠳᠤᠭᠠᠨ 12 ᠰᠠᠷ᠎ᠠ ᠶᠢᠨ 1 — 24 ᠤ ᠡᠳᠤᠷ ᠪᠣᠯᠲᠠᠯ᠎ᠠ ᠬᠥᠬᠡᠬᠤᠳᠠ ᠳᠤ ᠶᠠᠪᠤᠬᠳᠠᠬᠤ ᠪᠠᠷ ᠪᠣᠯᠣᠭᠰᠠᠨ ᠢ ᠨᠠᠶᠢᠳᠠᠯᠠᠵᠠᠢ᠃      ᠳᠤᠮᠳᠠᠳᠤ ᠤᠯᠤᠰ ᠤᠨ ᠡᠮᠡᠭᠲᠡᠢ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠪᠠᠰᠠ WCBA ᠭᠡᠵᠥ ᠨᠡᠷᠡᠯᠡᠳᠡᠭ᠂ ᠳᠤᠮᠳᠠᠳᠤ ᠤᠯᠤᠰ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠭᠤᠣᠯᠯᠠᠨ ᠡᠷᠭᠢᠯᠡᠵᠦ ᠪᠠᠶᠢᠭ᠎ᠠ ᠳᠤᠮᠳᠠᠳᠤ ᠤᠯᠤᠰ ᠤᠨ ᠡᠮᠡᠭᠲᠡᠶᠢᠴᠦᠳ ᠤᠨ ᠰᠠᠭᠰᠤᠨ ᠪᠥᠮᠪᠦᠭᠡ ᠶᠢᠨ ᠤᠷᠤᠯᠳᠤᠭᠠᠨ ᠤ ᠬᠠᠮᠤᠭ ᠤᠨ ᠥᠨᠳᠥᠷ ᠳᠡᠰ ᠤᠨ ᠬᠤᠯᠪᠣᠭᠠᠲᠤ ᠤᠷᠤᠯᠳᠤᠭᠠᠨ ᠪᠣᠯᠣᠨ᠎ᠠ᠃ ᠬᠤᠶᠠᠳᠤᠭᠠᠷ ᠱᠠᠲᠤᠨ ᠤ ᠤᠷᠤᠯᠳᠤᠭᠠᠨ ᠳᠤ ᠪᠦᠬᠦ ᠤᠯᠤᠰ ᠤᠨ 17 ᠬᠤᠲᠠ ᠶᠢᠨ 17 ᠪᠥᠮᠪᠥᠭᠡᠨ ᠠᠩᠭᠢ ᠣᠷᠣᠯᠴᠠᠵᠤ᠂ 5 ᠬᠥᠮᠦᠨ ᠤ ᠳᠦᠷᠢᠮᠲᠦ ᠤᠷᠤᠯᠳᠤᠭᠠᠨ ᠪᠠ ᠰᠢᠨ᠎ᠡ ᠤᠷᠤᠯᠳᠤᠭᠠᠨ ᠤ ᠤᠯᠠᠷᠢᠯ ᠳᠤ ᠨᠡᠮᠡᠭᠳᠡᠭᠰᠡᠨ 3 ᠬᠥᠮᠦᠨ ᠤ ᠤᠷᠤᠯᠳᠤᠭᠠᠨ ᠭᠡᠵᠦ ᠬᠤᠶᠠᠷ ᠲᠤᠭᠤᠢᠢᠯᠠᠩ ᠬᠤᠪᠢᠶᠠᠨ᠂ ᠨᠡᠶᠢᠲᠡ 60 ᠲᠠᠯᠠᠪᠠᠢ ᠤᠷᠤᠯᠳᠤᠨ᠎ᠠ᠃ ᠳᠤᠮᠳᠠᠳᠤ ᠤᠯᠤᠰ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠥᠷ ᠮᠣᠩᠭᠤᠯ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠳᠠᠭᠠᠭᠠᠴᠢᠯᠠᠨ ᠡᠷᠬᠢᠯᠠᠪᠡ᠃      ᠲᠤᠰ ᠤᠳᠠᠭ᠎ᠠ ᠶᠢᠨ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠭᠦᠩᠵᠦ ᠶᠢᠨ ᠣᠷᠳᠣᠨ ᠴᠡᠴᠡᠷᠯᠢᠭ ᠤᠨ ᠪᠡᠶ᠎ᠡ ᠶᠢᠨ ᠲᠠᠮᠢᠷ ᠤᠨ ᠣᠷᠳᠣᠨ ᠪᠠ Vplus ᠰᠠᠭᠰᠤᠨ ᠪᠥᠮᠪᠦᠭᠡ ᠶᠢᠨ ᠣᠷᠳᠣᠨ ᠵᠡᠷᠭᠡ 3 ᠤᠷᠤᠯᠳᠤᠭᠠᠨ ᠤ ᠲᠠᠯᠠᠪᠤᠷ ᠲᠤ ᠲᠤᠬᠢᠷᠠᠭᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ