ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠪᠠᠷ ᠪᠠᠶᠢᠭᠤᠯᠤᠭᠰᠠᠨ ᠭᠤᠸᠠᠩ ᠷᠦᠩ ᠶᠤᠸᠠᠨ ᠬᠦᠷᠢᠶᠡᠯᠡᠩ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/12/21
     12 ᠰᠠᠷ᠎ᠠ ᠶᠢᠨ 15 ᠤ ᠡᠳᠦᠷ᠂ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠪᠠᠷ ᠪᠠᠶᠢᠭᠤᠯᠤᠭᠰᠠᠨ ᠭᠤᠸᠠᠩ ᠷᠦᠩ ᠶᠤᠸᠠᠨ ᠬᠦᠷᠢᠶᠡᠯᠡᠩ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠤ ᠭᠦᠸᠧ ᠰᠢᠶᠦ᠋ᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠶᠤᠸᠠᠢ ᠬᠤᠩ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃ ᠬᠤᠲᠠ ᠰᠢᠶᠠᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠭᠤᠸᠠᠩ ᠷᠦᠩ ᠶᠤᠸᠠᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠨᠠᠰᠤᠲᠠᠨ ᠤ ᠠᠰᠠᠷᠠᠮᠵᠢ ᠶᠢᠨ ᠪᠠᠶᠢᠷᠢ᠂ ᠬᠤᠭᠤᠯᠠᠨ ᠭᠡᠷ᠂ ᠲᠣᠭᠤᠭᠠᠨ ᠭᠡᠷ᠂ ᠵᠤᠭ᠎ᠠ ᠴᠡᠩᠭᠡᠯ ᠤᠨ ᠬᠥᠳᠡᠯᠭᠡᠭᠡᠨ ᠤ ᠲᠥᠪ ᠢ ᠪᠠᠶᠢᠴᠠᠭᠠᠨ ᠦᠵᠡᠵᠦ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠨ ᠤ ᠠᠮᠢᠳᠤᠷᠠᠯ ᠤᠨ ᠪᠣᠳᠠᠲᠤ ᠪᠠᠶᠢᠳᠠᠯ ᠢ ᠣᠶᠢᠯᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠬᠠᠮᠢᠶ᠎ᠠ ᠪᠥᠬᠦᠶ ᠬᠠᠷᠢᠭᠤᠴᠠᠯᠭᠠᠲᠠᠨ ᠤ ᠠᠵᠢᠯ ᠤᠨ ᠳᠤᠮᠳᠠ ᠶᠠᠮᠠᠷ ᠶᠠᠮᠠᠷ ᠠᠰᠠᠭᠤᠳᠠᠯ ᠵᠢᠴᠢ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠨᠠᠷᠢᠨ ᠠᠰᠠᠭᠤᠨ ᠯᠠᠪᠯᠠᠪᠠ᠃      ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠣᠯᠠᠨ ᠴᠢᠳᠠᠮᠵᠢ ᠲᠠᠢ ᠪᠠᠷᠢᠮᠵᠢᠶᠠᠵᠢᠭᠰᠠᠨ ᠭᠤᠸᠠᠩ ᠷᠦᠩ ᠶᠤᠸᠠᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ ᠬᠦᠷᠢᠶᠡᠯᠡᠩ ᠤᠨ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠤᠸᠠᠩ ᠷᠦᠩ ᠶᠤᠸᠠᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠢ ᠲᠡᠭᠦᠯᠳᠡᠷᠵᠢᠭᠦᠯᠬᠦ ᠶᠠᠪᠤᠳᠠᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠤᠭᠤᠯᠬᠤ ᠬᠡᠷᠡᠭᠲᠡᠶ︔ ᠤᠯᠠᠨ ᠠᠷᠭ᠎ᠠ ᠵᠠᠮ ᠢᠶᠠᠷ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠵᠤ᠂ ᠣᠷᠣᠨ ᠰᠠᠭᠤᠴᠠ ᠶᠢᠨ ᠰᠢᠯᠢᠳᠡᠭ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ︔ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠢᠯᠠᠩᠭᠤᠶ᠎ᠠ ᠬᠥᠮᠦᠨ ᠤ ᠪᠡᠶ᠎ᠡ ᠶᠢᠨ ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ ᠵᠡᠷᠭᠡ ᠲᠠᠯ᠎ᠠ ᠪᠠᠷ ᠴᠢᠬᠤᠯᠠᠴᠢᠯᠠᠵᠤ᠂ ᠡᠮᠴᠢᠯᠡᠭᠡᠨ ᠤ ᠪᠠᠶᠢᠭᠤᠯᠤᠮᠵᠢ ᠲᠠᠢ ᠡᠮᠴᠢᠯᠡᠭᠡ ᠰᠤᠪᠢᠯᠠᠯᠲᠠ ᠶᠢᠨ ᠬᠠᠮᠲᠤᠷᠠᠯᠴᠠᠭ᠎ᠠ ᠪᠠᠶᠢᠭᠤᠯᠵᠤ᠂ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠨᠠᠰᠤᠲᠠᠨ ᠢ ᠥᠲᠡᠯᠪᠡᠯ ᠣᠷᠣᠨ ᠰᠠᠭᠤᠴᠠ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠤᠯᠭᠠᠵᠤ᠂ ᠭᠤᠸᠠᠩ ᠷᠦᠩ ᠶᠤᠸᠠᠨ ᠬᠦᠷᠢᠶᠡᠯᠡᠩ ᠢ ᠨᠠᠩ ᠰᠠᠶᠢᠨ ᠨᠠᠩ ᠥᠨᠳᠥᠷ ᠪᠦᠲᠦᠮᠵᠢᠲᠡᠶ ᠠᠵᠢᠯᠯᠠᠭᠤᠯᠬᠤ ᠬᠡᠷᠡᠭᠲᠡᠢ ᠭᠡᠪᠡ ᠃ ︵ᠰᠤᠷᠪᠤᠯᠵᠢᠯᠠᠭᠴᠢ᠄ ᠵᠠᠩ ᠸᠧᠨ ᠴᠢᠩ   ᠯᠢᠦ ᠰᠢᠶᠤᠤ ᠴᠢᠶᠠᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号