ᠮᠠᠨ ᠤ ᠬᠤᠲᠠ ᠶᠢᠨ ᠬᠡᠷᠡᠭᠯᠡᠭᠡ ᠶᠢ ᠠᠬᠢᠭᠤᠯᠬᠤ ᠦᠷ᠎ᠡ ᠪᠦᠲᠦᠮᠵᠢ ᠢᠯᠡᠷᠭᠡᠢ ᠪᠤᠯᠵᠤ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠬᠰᠠᠨ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠴᠥᠮ ᠪᠥᠬᠦ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2020/12/21
      ᠬᠦᠬᠡᠬᠤᠳᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠬᠡᠷᠡᠭᠯᠡᠭᠡᠨ ᠤ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠦᠯᠦᠭᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ᠂ ᠳᠥᠷᠪᠡᠳᠦᠭᠡᠷ ᠰᠠᠷ᠎ᠠ ᠠᠴᠠ ᠡᠬᠢᠯᠡᠨ ᠬᠡᠷᠡᠭᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠬᠦᠷᠢᠶᠡᠨ ᠳᠠᠬᠢ ︽ᠬᠡᠷᠡᠭᠯᠡᠭᠡ ᠶᠢ ᠠᠬᠢᠭᠤᠯᠬᠤ ᠵᠠᠭᠤᠨ ᠡᠳᠦᠷ ᠤᠨ ᠠᠵᠢᠯᠯᠠᠭ᠎ᠠ︾᠂ ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷᠲᠠᠶ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠ ︽ᠲᠥᠪ ᠬᠤᠲᠠ ᠶᠢᠨ ᠬᠡᠷᠡᠭᠯᠡᠭᠡ ᠬᠢᠭᠦ ᠤᠯᠠᠷᠢᠯ︾ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠲᠤᠰ ᠲᠤᠰ ᠵᠣᠬᠢᠶᠠᠨ ᠪᠠᠶᠢᠭᠤᠯᠤᠨ ᠥᠷᠨᠢᠭᠦᠯᠵᠦ᠂ ᠲᠠᠪᠬᠤᠴᠠᠭᠤᠯᠵᠤ ᠨᠡᠮᠡᠭᠰᠡᠨ ᠦᠢᠯᠡᠳᠦᠯ ᠨᠢ ᠢᠯᠡᠷᠭᠡᠢ ᠪᠤᠯᠪᠠ᠃ 1 —11 ᠰᠠᠷ᠎ᠠ ᠳᠤ᠂ ᠬᠦᠬᠡᠬᠤᠳᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠪᠠ ᠨᠡᠮᠡᠭᠳᠡᠯ ᠤᠨ ᠬᠤᠷᠳᠤᠴᠠ ᠴᠥᠮ ᠪᠦᠬᠦ ᠣᠷᠣᠨ ᠳᠤ ᠲᠡᠷᠢᠭᠦᠯᠡᠵᠦ᠂ ᠤᠢᠢᠷ᠎ᠠ ᠶᠢᠨ ᠬᠡᠳᠦᠨ ᠵᠢᠯ ᠳᠤ ᠠᠩᠬ᠎ᠠ ᠤᠳᠠᠭ᠎ᠠ  ᠵᠡᠷᠭᠡ ᠪᠠᠷ ᠲᠡᠷᠢᠭᠦᠯᠡᠭᠦ ᠶᠢ ᠪᠡᠶᠡᠯᠡᠭᠦᠯᠵᠡᠢ᠃      ᠡᠨᠡ ᠵᠢᠯ ᠠᠴᠠ ᠨᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠠᠷ᠂ ᠮᠠᠨ ᠤ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠶᠡᠷᠦᠩᠬᠡᠶ ᠳᠡᠭᠡᠨ ᠪᠠᠭᠤᠷᠠᠬᠤ ᠬᠠᠨᠳᠤᠰᠢ ᠢᠯᠡᠷᠡᠪᠠ᠃ ᠬᠢᠵᠢᠭ ᠤᠨ ᠨᠥᠯᠥᠭᠡ ᠶᠢ ᠢᠳᠡᠪᠬᠢᠲᠡᠶ ᠠᠷᠭᠠᠴᠠᠭᠠᠵᠤ᠂ ᠬᠡᠷᠡᠭᠯᠡᠭᠡᠨ ᠤ ᠢᠲᠡᠭᠡᠯ ᠢ ᠬᠥᠪᠴᠢᠯᠡᠨ᠂ ᠬᠡᠷᠡᠭᠯᠡᠭᠡᠨ ᠤ ᠬᠡᠷᠡᠭᠴᠡᠭᠡ ᠶᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠯᠡᠭᠡ ᠶᠢ ᠥᠷᠭᠡᠳᠬᠡᠬᠦ ᠶᠢᠨ ᠲᠦᠯᠦᠭᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠬᠡᠷᠡᠭᠯᠡᠭᠡ ᠶᠢ ᠲᠠᠶᠢᠴᠢᠯᠠᠨ᠂ ᠬᠤᠲᠠ ᠶᠢᠨ ᠲᠣᠮᠣ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ᠂ ᠬᠡᠯᠬᠢᠶᠡᠲᠦ ᠬᠡᠲᠦ ᠳᠡᠯᠭᠡᠭᠦᠷ᠂ ᠲᠦᠲᠡ ᠳᠡᠯᠭᠡᠭᠦᠷ᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠮᠠᠰᠢᠨ ᠲᠡᠷᠭᠡ ᠪᠣᠷᠣᠯᠠᠭᠤᠯᠬᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠵᠡᠷᠭᠡ ᠵᠠᠭᠤ ᠰᠢᠬᠠᠮ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠪᠠᠶᠠᠯᠢᠭ ᠰᠠᠶᠢᠬᠠᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 200 ᠭᠠᠷᠤᠶ ᠤᠳᠠᠭ᠎ᠠ ᠡᠷᠬᠢᠯᠡᠪᠡ᠃ ᠡᠭᠦᠨ ᠤ ᠬᠠᠮᠲᠤ᠂ ᠡᠯ᠎ᠡ ᠭᠠᠵᠠᠷ ᠣᠷᠣᠨ ᠤ ᠡᠯ᠎ᠡ ᠲᠥᠷᠥᠯ ᠤᠨ ᠣᠨᠴᠠᠯᠢᠭ ᠲᠠᠢ ᠦᠢᠯᠡᠳᠬᠦᠨ ᠤ ᠳᠡᠯᠭᠡᠨ ᠪᠣᠷᠣᠯᠠᠭᠤᠯᠬᠤ ᠨᠠᠶᠢᠷ ᠢ ᠵᠣᠬᠢᠶᠠᠨ ᠪᠠᠶᠢᠭᠤᠯᠤᠨ ᠡᠷᠬᠢᠯᠡᠬᠦ ᠶᠢ ᠵᠣᠷᠢᠭᠵᠢᠭᠤᠯᠵᠤ᠂ ᠡᠯ᠎ᠡ ᠲᠥᠷᠥᠯ ᠤᠨ ᠠᠷᠠᠯᠵᠢᠶ᠎ᠠ ᠬᠤᠳᠠᠯᠳᠤᠭ᠎ᠠ ᠬᠦᠢᠯᠭᠡᠭᠡᠨ ᠤ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠪᠡᠶᠡᠴᠢᠯᠠᠨ ᠣᠶᠢᠯᠠᠭᠠᠬᠤ ᠮᠠᠶ᠋ᠢᠭ ᠤᠨ ᠬᠡᠷᠡᠭᠯᠡᠭᠡ ᠵᠡᠷᠭᠡ ᠰᠦᠯᠵᠢᠶᠡᠨ ᠤ ᠪᠠ ᠰᠦᠯᠵᠢᠶᠡᠨ ᠤ ᠭᠠᠳᠠᠨᠠᠭᠢ ᠪᠣᠷᠣᠯᠠᠭᠤᠯᠭ᠎ᠠ ᠶᠢᠨ ᠰᠢᠨ᠎ᠡ ᠬᠡᠪ ᠵᠠᠭᠪᠤᠷ ᠢ ᠠᠰᠢᠭᠯᠠᠠ ᠪᠣᠷᠣᠯᠠᠭᠤᠯᠭ᠎ᠠ ᠶᠢᠨ ᠵᠠᠮ ᠢᠶᠠᠨ ᠥᠷᠭᠡᠳᠬᠡᠬᠦ ᠶᠢ ᠳᠡᠮᠵᠢᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠴᠡᠴᠡᠭᠯᠡᠭᠦᠯᠦᠨ ᠬᠥᠭᠵᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠦᠯᠦᠭᠡ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠣᠷᠣᠯᠴᠠᠭᠰᠠᠨ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠳᠤ ᠬᠡᠷᠡᠭᠯᠡᠭᠡ ᠶᠢ ᠠᠬᠢᠭᠤᠯᠬᠤ 500 ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ︽ᠬᠡᠷᠡᠭᠯᠡᠭᠡ ᠶᠢ ᠠᠬᠢᠭᠤᠯᠬᠤ ᠵᠠᠭᠤᠨ ᠡᠳᠦᠷ ᠤᠨ ᠠᠵᠢᠯᠯᠠᠭ᠎ᠠ︾ ᠪᠠ ︽ᠲᠥᠪ ᠬᠤᠲᠠ ᠶᠢᠨ ᠬᠡᠷᠡᠭᠯᠡᠭᠡ ᠬᠢᠭᠦ ᠤᠯᠠᠷᠢᠯ︾ ᠤᠨ ᠠᠵᠢᠯᠯᠠᠭ᠎ᠠ ᠶᠢᠨ ᠬᠤᠭᠤᠴᠠᠭᠠᠨ ᠳᠤ ᠬᠦᠬᠡᠬᠤᠳᠠ ᠶᠢᠨ 40 ᠭᠠᠷᠤᠢ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠤᠨ ᠲᠠᠸᠠᠷ ᠤᠨ ᠪᠣᠷᠣᠯᠠᠭᠤᠯᠭ᠎ᠠ ᠶᠢᠨ ᠬᠡᠮᠵᠢᠶ᠎ᠡ 40 ᠳ᠋ᠦᠩᠰᠢᠭᠤᠷ ᠲᠥᠭᠦᠷᠢᠭ ᠣᠷᠴᠢᠮ ᠪᠣᠯᠵᠠᠢ᠃ ᠣᠳᠣᠬᠠᠨ ᠳᠤ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠮᠠᠨ ᠤ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠠᠶᠢᠵᠢᠷᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠬᠰᠠᠨ ᠶᠡᠷᠦᠩᠬᠡᠢ ᠬᠡᠮᠵᠢᠶ᠎ᠡ ᠰᠠᠷ᠎ᠠ ᠳᠠᠷᠠᠭᠠᠯᠠᠨ ᠨᠡᠮᠡᠭᠳᠡᠵᠦ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠪᠠ᠃http://mongol.people.com.cn/15833196.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号