ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠰᠠᠨᠠᠯ ᠢ ᠬᠤᠷᠢᠶᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/21
ᠸᠠᠩ ᠯᠢ ᠰᠢᠶᠠ ᠡᠷᠬᠢᠯᠡᠵᠦ ᠵᠠᠩ ᠪᠠᠢ ᠴᠧᠩ  ᠯᠥᠸᠧ ᠴᠢᠩ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠰᠠᠨᠠᠯ ᠢ ᠬᠤᠷᠢᠶᠠᠬᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠂ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠡᠨᠧᠷᠭᠢ ᠴᠠᠬᠢᠯᠭᠠᠨ ᠭᠠᠷᠭᠠᠬᠤ ᠪᠡᠯᠡ ᠤᠷᠤᠭᠤᠯᠤᠯᠲᠠ ᠶᠢᠨ  ᠪᠦᠯᠦᠭᠯᠡᠯ ᠤᠨ ᠬᠢᠵᠠᠭᠠᠷᠲᠤ ᠺᠣᠮᠫᠠᠨᠢ᠂ ᠢᠯᠢ ᠪᠣᠳᠠᠲᠤ ᠠᠵᠤ ᠠᠬᠤᠢ ᠶᠢᠨ ᠪᠦᠯᠦᠭᠯᠡᠯᠲᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠧᠩ ᠨᠢᠦ ᠰᠦ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠤ ᠬᠢᠮᠢ ᠶᠢᠨ ᠺᠣᠮᠫᠠᠨᠢ᠂ ᠶᠢᠨ ᠢᠦᠢ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠶᠢᠨ ᠭᠤᠴᠢᠭᠠᠳ ᠠᠵᠤ ᠠᠬᠤᠶᠢᠯᠠᠯᠲᠠᠨ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠣᠷᠣᠭᠤᠯᠬᠤ᠂ ᠠᠮᠢ ᠠᠬᠤᠢ ᠣᠷᠴᠢᠨ ᠲᠣᠭᠤᠷᠢᠨ ᠵᠡᠷᠭᠡ ᠶᠢᠨ ᠲᠠᠯ᠎ᠠ ᠳᠤ ᠰᠠᠨᠠᠯ ᠰᠠᠨᠠᠭᠤᠯᠭ᠎ᠠ ᠳᠤᠷᠠᠳᠴᠠᠢ᠃      ᠸᠠᠩ ᠯᠢ ᠰᠢᠶᠠ ᠶᠠᠷᠢᠶᠠᠨ ᠳᠠᠭᠠᠨ ᠠᠵᠤ ᠠᠬᠤᠶᠢᠯᠠᠯᠲᠠᠳ ᠤᠨ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠣᠳᠣᠯᠬᠢᠯᠠᠵᠤ᠂ ᠲᠥᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠳᠤ ᠴᠢᠬᠤᠯᠠ ᠯᠠᠪᠯᠠᠯᠲᠠ ᠬᠠᠩᠭᠠᠭᠰᠠᠨ ᠢ ᠨᠤᠲᠠᠯᠠᠪᠠ᠃ ᠠᠵᠤ ᠠᠬᠤᠶᠢᠯᠠᠯᠲᠠᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠬᠦᠴᠦᠨ ᠴᠢᠳᠠᠯ ᠢᠶᠠᠷ ᠢᠶᠠᠨ ᠣᠷᠣᠯᠴᠠᠨ᠂ ᠪᠦᠲᠦᠭᠡᠯᠴᠢ ᠲᠥᠪ ᠬᠤᠲᠠ᠂ ᠠᠮᠢ ᠠᠬᠤᠢ ᠶᠢᠨ ᠲᠥᠪ ᠬᠤᠲᠠ᠂ ᠴᠢᠨᠠᠷᠯᠢᠭ ᠲᠥᠪ ᠬᠤᠲᠠ᠂ ᠵᠣᠯ ᠵᠢᠷᠭᠠᠯᠲᠤ ᠲᠥᠪ ᠬᠤᠲᠠ᠂ ᠰᠣᠶᠣᠯ ᠤᠨ ᠲᠥᠪ ᠬᠤᠲᠠ᠂ ᠠᠮᠤᠷ ᠲᠦᠪᠰᠢᠨ ᠲᠥᠪ ᠬᠤᠲᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠲᠤᠭᠤᠷᠪᠢᠨ ᠪᠢᠴᠢᠬᠦ ᠳᠤᠭᠤᠶᠢᠯᠠᠩ ᠨᠠᠷᠢᠨ ᠬᠢᠨᠠᠮᠠᠭᠠᠢ ᠡᠮᠬᠢᠯᠡᠨ᠂ ᠢᠳᠡᠪᠬᠢᠲᠡᠢ ᠰᠤᠷᠤᠯᠴᠠᠵᠤ᠂ ᠲᠥᠯᠥᠪᠵᠢᠭᠦᠯᠭᠡ ᠶᠢ ᠲᠥᠪ ᠤᠨ ᠵᠣᠷᠢᠭ ᠰᠠᠨᠠᠭᠠᠨ ᠳᠤ ᠨᠡᠩ ᠨᠡᠶᠢᠴᠡᠭᠰᠡᠨ᠂ ᠲᠥᠪ ᠬᠤᠲᠠ ᠶᠢᠨ ᠪᠣᠳᠠᠲᠠᠢ ᠳᠤ ᠨᠡᠩ ᠵᠣᠬᠢᠴᠠᠭᠰᠠᠨ᠂ ᠬᠥᠭᠵᠢᠯᠲᠡ ᠶᠢᠨ ᠱᠠᠭᠠᠷᠳᠠᠯᠭ᠎ᠠ ᠶᠢ ᠨᠡᠩ ᠢᠯᠡᠳᠬᠡᠭᠰᠡᠨ᠂ ᠣᠯᠠᠨ ᠲᠦᠮᠡᠨ ᠤ ᠮᠥᠷᠥᠭᠡᠳᠦᠯ ᠳᠤ ᠨᠡᠩ ᠨᠡᠶᠢᠴᠡᠭᠰᠡᠨ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠾᠧ ᠬᠠᠢ ᠳ᠋ᠦᠩ᠂ ᠯᠢᠦ ᠴᠧᠩ ᠮᠢᠨ᠂ ᠸᠠᠩ ᠬᠤᠤ ᠯᠧᠢ᠂ ᠪᠢ ᠭᠥᠸᠧ ᠴᠧᠨ᠂ ᠮᠠᠤ ᠪᠣᠣ ᠹᠧᠩ᠂ ᠶᠦᠨ ᠰᠢᠨ ᠮᠢᠩ᠂ ᠴᠢᠶᠥᠥ ᠶᠦᠨ ᠯᠢ᠂ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠩ ᠭᠥᠸᠧ ᠫᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号