ᠬᠤᠲᠠ ᠶᠢᠨ ᠵᠠᠰᠠᠭ ᠤᠨ ᠣᠷᠳᠣᠨ 2020 ᠣᠨ ᠤ 45 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/21
ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ     12 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 45 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠤ ᠬᠤᠲᠠ ᠶᠢᠨ ᠲᠤᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠡᠷᠬᠡ ᠮᠡᠳᠡᠯ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠡᠳ᠋ ᠤᠨ ᠵᠠᠰᠠᠭ ᠤᠨ ᠲᠦᠷ ᠲᠥᠯᠥᠬᠦ ᠴᠢᠨᠠᠷᠲᠠᠢ ᠵᠣᠭᠤᠰ ᠢ ᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠬᠤᠲᠠ ᠪᠠᠯᠭᠠᠰᠤ ᠶᠢᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠲᠦᠮᠡᠳ ᠵᠡᠭᠦᠨ ᠬᠤᠰᠢᠭᠤᠨ ᠤ ᠬᠠᠷ᠎ᠠ ᠤᠰᠤ ᠶᠢᠨ ᠠᠮᠢ ᠠᠬᠤᠢ ᠶᠢ ᠰᠡᠷᠭᠦᠭᠡᠵᠦ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ 2020—2025︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠳ᠋ ᠤᠨ ᠵᠠᠰᠠᠭ ᠤᠨ ᠡᠷᠬᠡ ᠮᠡᠳᠡᠯ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂  ︽ᠬᠥᠬᠡᠬᠤᠲᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠤ ᠬᠤᠲᠠ ᠶᠢᠨ ᠲᠤᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠡᠷᠬᠡ ᠮᠡᠳᠡᠯ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠨᠡᠶᠢᠲᠡᠯᠡᠬᠦ ᠨᠢ᠂ ᠬᠤᠲᠠ ᠶᠢᠨ ᠲᠤᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠢᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠡᠳ᠋ ᠤᠨ ᠵᠠᠰᠠᠭ ᠤᠨ ᠵᠠᠷᠤᠯᠭ᠎ᠠ ᠶᠢ ᠬᠤᠪᠢᠶᠠᠨ ᠡᠭᠦᠷᠭᠡᠯᠡᠬᠦ ᠬᠡᠯᠪᠡᠷᠢ ᠪᠠ ᠬᠠᠷᠢᠴᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠯᠠᠨ ᠲᠦᠮᠡᠨ ᠳᠤ ᠨᠡᠩ ᠰᠠᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠥᠪᠡᠷ ᠥᠪᠡᠷ ᠤᠨ ᠡᠭᠦᠷᠭᠡᠯᠡᠵᠦ ᠪᠠᠶᠢᠭ᠎ᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠪᠠᠯᠭᠠᠰᠤ ᠶᠢᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠪᠣᠯ ᠲᠥᠪ᠂ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠭᠰᠠᠨ ᠴᠢᠬᠤᠯᠠ ᠠᠵᠢᠯ ᠪᠣᠯᠣᠨ᠎ᠠ᠂ ᠮᠥᠨᠴᠦ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠢᠭᠡᠨ ᠲᠥᠷᠥᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ︽ᠬᠥᠬᠡᠬᠤᠲᠠ ᠶᠢᠨ ᠬᠤᠲᠠ ᠪᠠᠯᠭᠠᠰᠤ ᠶᠢᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠨᠢ᠂ ᠬᠤᠲᠠ ᠪᠠᠯᠭᠠᠰᠤ ᠶᠢᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠤᠰᠬᠠᠢ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢ ᠪᠦᠲᠦᠮᠵᠢᠲᠡᠢ ᠵᠢᠷᠤᠮᠵᠢᠭᠤᠯᠵᠤ᠂ ᠪᠡᠯᠡ ᠮᠥᠩᠭᠦ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠣᠯᠣᠨ᠎ᠠ᠃ ᠡᠯ᠎ᠡ ᠭᠠᠵᠠᠷ ᠣᠷᠣᠨ ᠤᠷᠢᠳᠴᠢᠯᠠᠨ ᠰᠤᠳᠤᠯᠤᠯᠲᠠ ᠬᠢᠵᠦ᠂ ᠤᠷᠢᠳᠴᠢᠯᠠᠨ ᠪᠠᠶᠢᠷᠢᠯᠠᠭᠤᠯᠵᠤ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠡᠭᠦᠷᠭᠡ ᠶᠢᠨ ᠤᠷᠤᠭᠰᠢᠲᠠᠢ ᠶᠠᠪᠤᠭᠳᠠᠵᠤ᠂ ᠴᠠᠭ ᠲᠠᠭᠠᠨ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠷ᠎ᠠ ᠤᠰᠤ ᠪᠣᠯ ᠮᠠᠨ ᠤ ᠬᠤᠲᠠ ᠶᠢᠨ ᠬᠢᠯᠢ ᠳᠣᠲᠣᠷᠠᠬᠢ ᠦᠶᠡᠷ ᠢ ᠰᠡᠷᠭᠡᠶᠢᠯᠡᠬᠦ᠂ ᠤᠰᠤᠯᠠᠯᠲᠠ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠢ ᠲᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠦᠢᠯᠡᠳᠦᠯ ᠲᠠᠢ ᠴᠢᠬᠤᠯᠠ ᠨᠤᠭᠤ ᠭᠠᠵᠠᠷ ᠤᠨ ᠡᠬᠢ ᠪᠠᠶᠠᠯᠢᠭ ᠮᠥᠨ᠂ ᠬᠠᠷ᠎ᠠ ᠤᠰᠤ ᠶᠢᠨ ᠠᠮᠢ ᠠᠬᠤᠢ ᠶᠢ ᠰᠡᠷᠭᠦᠭᠡᠵᠦ ᠶᠡᠷᠦᠩᠬᠡᠶᠢᠯᠡᠨ ᠵᠠᠰᠠᠬᠤ ᠨᠢ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠠᠷᠭ᠎ᠠ ᠬᠡᠮᠵᠢᠶ᠎ᠡ ᠮᠥᠨ᠃ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠬᠠᠷ᠎ᠠ ᠤᠰᠤ ᠶᠢᠨ ᠠᠮᠢ ᠠᠬᠤᠢ ᠶᠢ ᠰᠡᠷᠭᠦᠭᠡᠵᠦ ᠶᠡᠷᠦᠩᠬᠡᠶᠢᠯᠡᠨ ᠵᠠᠰᠠᠬᠤ ᠲᠠᠪᠤᠨ ᠵᠢᠯ ᠤᠨ ᠲᠥᠯᠥᠪᠵᠢᠭᠦᠯᠭᠡ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠡᠷᠭᠦᠭᠡᠨ ᠵᠠᠰᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠷ᠎ᠠ ᠤᠰᠤ ᠶᠢᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠢ ᠰᠠᠶᠢᠵᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠸᠠᠩ ᠬᠤᠤ ᠯᠧᠢ᠂ ᠪᠢ ᠭᠥᠸᠧ ᠴᠧᠨ᠂ ᠮᠠᠤ ᠪᠣᠣ ᠹᠧᠩ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号