ᠠᠰᠫᠢᠷᠠᠨᠲ ᠳ᠋ᠣᠺᠲ᠋ᠣᠷᠠᠨᠲ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠲᠤᠰᠬᠠᠢ ᠬᠠᠷᠢᠯᠴᠠᠨ ᠰᠣᠩᠭᠤᠬᠤ ᠬᠤᠷᠠᠯ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2020/12/21
     12 ᠳ᠋ᠤᠭᠠᠷ ᠰᠠᠷ᠎ᠠ ᠶᠢᠨ19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠶᠡᠭᠡ ᠳᠡᠭᠡᠳᠦ ᠰᠤᠷᠭᠠᠭᠤᠯᠢ ᠶᠢᠨ ᠠᠰᠫᠢᠷᠠᠨᠲ ᠳ᠋ᠣᠺᠲ᠋ᠣᠷᠠᠨᠲ ᠲᠡᠭᠦᠰᠦᠭᠰᠡᠨ ᠤᠶᠤᠳᠠᠳ ᠲᠤ ᠠᠵᠢᠯ ᠣᠯᠭᠤᠬᠤ ᠬᠠᠷᠢᠯᠴᠠᠨ ᠰᠣᠩᠭᠤᠬᠤ ᠲᠤᠰᠬᠠᠢ ᠬᠤᠷᠠᠯ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠠᠭᠠᠭᠠᠨ ᠡᠷᠬᠢᠯᠡᠵᠡᠢ᠃ ᠥᠪᠡᠷᠲᠡᠭᠡᠨ ᠵᠠᠰᠠᠬᠤ ᠣᠷᠣᠨ ᠤ ᠳᠣᠲᠣᠨ᠎ᠠ ᠭᠠᠳᠠᠨᠠᠬᠢ 146 ᠪᠠᠶᠢᠭᠤᠯᠭ᠎ᠠ ᠨᠢᠭᠡᠴᠡ ᠬᠠᠷᠢᠯᠴᠠᠨ ᠰᠣᠩᠭᠤᠬᠤ ᠬᠤᠷᠠᠯ ᠳᠤ ᠣᠷᠣᠯᠴᠠᠨ᠂ ᠨᠡᠶᠢᠲᠡ 10738 ᠠᠵᠢᠯ ᠤᠨ ᠪᠠᠶᠢᠷᠢ ᠬᠠᠩᠭᠠᠵᠤ᠂ ᠠᠵᠢᠯᠲᠠᠨ ᠡᠯᠰᠡᠬᠦ ᠠᠬᠤᠢ ᠲᠠᠯᠠᠪᠠᠢ ᠳᠤ 4782 ᠳᠡᠭᠡᠳᠦ ᠲᠡᠰ ᠤᠨ ᠴᠢᠳᠠᠪᠤᠷᠢᠲᠠᠨ ᠢᠳᠡᠪᠬᠢᠲᠡᠢ ᠣᠷᠣᠯᠴᠠᠵᠠᠢ᠃  ︵ᠸᠠᠩ ᠵᠦᠩ ᠵᠸᠦ ᠰᠡᠭᠦᠳᠡᠷᠯᠡᠪᠡ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号