︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠲᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠣᠷᠣᠨ ᠰᠠᠭᠤᠴᠠ ᠲᠦᠷᠢᠶᠡᠰᠦᠯᠡᠵᠦ ᠪᠠᠶᠢᠭ᠎ᠠ ᠬᠡᠷ ᠪᠦᠯᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2020/12/21
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠮᠠᠨ ᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠠᠷᠠᠯᠲᠠ ᠶᠢ ᠨᠡᠶᠢᠲᠡᠯᠡᠵᠦ᠂ ᠣᠷᠣᠨ ᠰᠠᠭᠤᠴᠠ ᠲᠦᠷᠢᠶᠡᠰᠦᠯᠡᠵᠦ ᠪᠠᠶᠢᠭ᠎ᠠ ᠬᠡᠷ ᠪᠦᠯᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠵᠦ ᠴᠠᠬᠢᠯᠭᠠᠨ ᠱᠠᠲᠤ ᠤᠬᠰᠠᠷᠠᠬᠤ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠶᠢ ᠭᠤᠤᠯᠳᠠᠯᠭ᠎ᠠ ᠲᠠᠢ ᠳᠡᠮᠵᠢᠨ᠎ᠡ ᠭᠡᠪᠡ᠃      ᠲᠤᠰᠢᠶᠠᠨ ᠬᠠᠳᠠᠭᠠᠯᠠᠭᠤᠯᠬᠤ ᠲᠤᠬᠠᠶᠢᠯᠠᠭᠰᠠᠨ ᠠᠵᠢᠯ ᠤᠨ ᠬᠠᠷᠠᠯᠲᠠ᠄ ᠪᠣᠳᠠᠲᠠᠶ ᠲᠤᠰᠢᠶᠠᠬᠤ ᠬᠥᠮᠦᠨ ᠤ ᠲᠤᠭ᠎ᠠ ᠶᠢ 2% ᠢᠶᠠᠷ ᠵᠢᠯ ᠳᠠᠷᠠᠭᠠᠯᠠᠨ ᠨᠡᠮᠡᠭᠳᠡᠬᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠨᠡᠶᠢᠲᠡ 5 ᠲᠦᠮᠡᠨ ᠬᠥᠮᠦᠨ ᠢ ᠰᠢᠨ᠎ᠡ ᠪᠠᠷ ᠨᠡᠮᠡᠭᠳᠡᠭᠦᠯᠵᠦ᠂ 2025 ᠣᠨ ᠳᠤ ᠪᠣᠳᠠᠲᠠᠶ ᠲᠤᠰᠢᠶᠠᠬᠤ ᠬᠥᠮᠦᠨ ᠤ ᠲᠤᠭ᠎ᠠ ᠨᠢ 40 ᠲᠦᠮᠡ ᠠᠴᠠ ᠲᠠᠪᠠᠭᠤᠯᠬᠤ ᠪᠠᠷ ᠴᠢᠷᠮᠠᠶᠢᠨ᠎ᠠ︔ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠨᠢᠭᠡᠴᠡ ᠶᠢ 10% ᠪᠠᠷ ᠵᠢᠯ ᠳᠠᠷᠠᠭᠠᠯᠠᠨ ᠨᠡᠮᠡᠭᠳᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠢᠨ᠎ᠡ ᠪᠠᠷ 4000 ᠶᠢ ᠨᠡᠮᠡᠭᠳᠡᠭᠦᠯᠵᠦ᠂ 2025 ᠣᠨ ᠳᠤ ᠪᠣᠳᠠᠲᠠᠶ ᠲᠤᠰᠢᠶᠠᠬᠤ ᠨᠢᠭᠡᠴᠡ ᠶᠢ 10000 ᠠᠴᠠ ᠳᠠᠪᠠᠭᠤᠯᠬᠤ ᠪᠠᠷ ᠴᠢᠷᠮᠠᠶᠢᠨ᠎ᠠ︔ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠡᠮᠬᠢᠯᠡᠵᠦ ᠬᠤᠷᠠᠮᠳᠤᠭᠤᠯᠬᠤ ᠬᠡᠮᠵᠢᠶ᠎ᠡ ᠶᠢ 5% ᠪᠠᠷ ᠵᠢᠯ ᠳᠠᠷᠠᠭᠠᠯᠠᠨ ᠨᠡᠮᠡᠭᠳᠡᠭᠦᠯᠦᠨ᠎ᠡ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠨᠡᠶᠢᠲᠡ ᠭᠠᠷᠭᠠᠨ ᠦᠭᠭᠦ ᠲᠤᠬᠠᠶᠢᠯᠠᠭᠰᠠᠨ ᠠᠵᠢᠯ ᠤᠨ ᠬᠠᠷᠠᠯᠲᠠ᠄ ᠭᠠᠷᠭᠠᠨ ᠦᠭᠭᠦ ᠵᠣᠭᠤᠰ ᠤᠨ ᠲᠤᠭ᠎ᠠ ᠶᠢ 10% ᠪᠠᠷ ᠵᠢᠯ ᠳᠠᠷᠠᠭᠠᠯᠠᠨ ᠠᠬᠢᠭᠤᠯᠤᠨ ᠨᠡᠮᠡᠭᠳᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠵᠢᠯ ᠤᠨ ᠭᠠᠷᠭᠠᠨ ᠦᠭᠭᠦ ᠲᠤᠭ᠎ᠠ ᠶᠢ ᠲᠣᠰ ᠲᠣᠰ 35 ᠳ᠋ᠦᠩᠰᠢᠭᠤᠷ ᠲᠦᠭᠦᠷᠢᠭ᠂ 39 ᠳ᠋ᠦᠩᠰᠢᠭᠤᠷ ᠲᠦᠭᠦᠷᠢᠭ᠂ 43 ᠳ᠋ᠦᠩᠰᠢᠭᠤᠷ ᠲᠦᠭᠦᠷᠢᠭ᠂ 47 ᠳ᠋ᠦᠩᠰᠢᠭᠤᠷ ᠲᠦᠭᠦᠷᠢᠭ᠂ 52 ᠳ᠋ᠦᠩᠰᠢᠭᠤᠷ ᠲᠦᠭᠦᠷᠢᠭ ᠲᠤ ᠬᠦᠷᠭᠡᠵᠦ᠂ 5 ᠵᠢᠯ ᠳᠤ ᠨᠡᠶᠢᠲᠡ 215 ᠳ᠋ᠦᠩᠰᠢᠭᠤᠷ ᠲᠥᠭᠦᠷᠢᠭ ᠭᠠᠷᠭᠠᠨ ᠦᠭᠭᠦᠨ᠎ᠡ︔ ᠣᠷᠣᠨ ᠰᠠᠭᠤᠴᠠ ᠲᠦᠷᠢᠶᠡᠰᠦᠯᠡᠵᠦ ᠪᠠᠶᠢᠭ᠎ᠠ ᠭᠡᠷ ᠪᠦᠯᠢ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠶᠢ ᠭᠤᠤᠯᠳᠠᠯᠭ᠎ᠠ ᠲᠠᠢ ᠳᠠᠮᠵᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠲᠦᠯᠦᠪᠵᠢᠭᠦᠯᠭᠡ ᠶᠢ ᠦᠡᠳᠦᠰᠦᠯᠡᠪᠡᠯ᠂ 2021 ᠣᠨ ᠳᠤ 2.5 ᠲᠦᠮᠡᠨ ᠡᠷᠦᠬᠡ ᠶᠢᠨ ᠤᠷᠤᠨ ᠰᠠᠭᠤᠴᠠ ᠲᠦᠷᠢᠶᠡᠰᠦᠯᠡᠭᠦ ᠳᠤ 2 ᠳ᠋ᠦᠩᠰᠢᠭᠤᠷ ᠲᠥᠭᠦᠷᠢᠭ ᠭᠠᠷᠭᠠᠨ ᠦᠭᠭᠦ ᠶᠢ ᠲᠠᠮᠵᠢᠵᠤ᠂ 2022 ᠣᠨ ᠳᠤ 2.7 ᠲᠦᠮᠡᠨ ᠡᠷᠦᠬᠡ ᠶᠢᠨ ᠤᠷᠤᠨ ᠰᠠᠭᠤᠴᠠ ᠲᠦᠷᠢᠶᠡᠰᠦᠯᠡᠭᠦ ᠳᠤ 2.1 ᠳ᠋ᠦᠩᠰᠢᠭᠤᠷ ᠲᠥᠭᠦᠷᠢᠭ ᠭᠠᠷᠭᠠᠨ ᠦᠭᠭᠦ ᠶᠢ ᠲᠠᠮᠵᠢᠵᠤ᠂ 2023 ᠣᠨ ᠳᠤ 3 ᠲᠦᠮᠡᠨ ᠡᠷᠦᠬᠡ ᠶᠢᠨ ᠤᠷᠤᠨ ᠰᠠᠭᠤᠴᠠ ᠲᠦᠷᠢᠶᠡᠰᠦᠯᠡᠭᠦ ᠳᠤ 2.4 ᠳ᠋ᠦᠩᠰᠢᠭᠤᠷ ᠲᠥᠭᠦᠷᠢᠭ ᠭᠠᠷᠭᠠᠨ ᠦᠭᠭᠦ ᠶᠢ ᠲᠠᠮᠵᠢᠵᠤ᠂ 2024 ᠣᠨ ᠳᠤ 3.5 ᠲᠦᠮᠡᠨ ᠡᠷᠦᠬᠡ ᠶᠢᠨ ᠤᠷᠤᠨ ᠰᠠᠭᠤᠴᠠ ᠲᠦᠷᠢᠶᠡᠰᠦᠯᠡᠭᠦ ᠳᠤ 2.8 ᠳ᠋ᠦᠩᠰᠢᠭᠤᠷ ᠲᠥᠭᠦᠷᠢᠭ ᠭᠠᠷᠭᠠᠨ ᠦᠭᠭᠦ ᠶᠢ ᠲᠠᠮᠵᠢᠵᠤ᠂᠂ 2025 ᠣᠨ ᠳᠤ 4 ᠲᠦᠮᠡᠨ ᠡᠷᠦᠬᠡ ᠶᠢᠨ ᠤᠷᠤᠨ ᠰᠠᠭᠤᠴᠠ ᠲᠦᠷᠢᠶᠡᠰᠦᠯᠡᠭᠦ ᠳᠤ 3.2 ᠳ᠋ᠦᠩᠰᠢᠭᠤᠷ ᠲᠥᠭᠦᠷᠢᠭ ᠭᠠᠷᠭᠠᠨ ᠦᠭᠭᠦ ᠶᠢ ᠲᠠᠮᠵᠢᠵᠤ᠂᠂ 15.7 ᠲᠦᠮᠡᠨ ᠬᠥᠮᠦᠨ ᠤ ᠤᠷᠤᠨ ᠰᠠᠭᠤᠴᠠ ᠲᠦᠷᠢᠶᠡᠰᠦᠯᠡᠭᠦ ᠶᠠᠪᠤᠳᠠᠯ ᠳᠤ 12.5 ᠳ᠋ᠦᠩᠰᠢᠭᠤᠷ ᠲᠥᠭᠦᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠦᠭᠭᠦᠨ᠎ᠠ︔ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠵᠦ ᠴᠠᠬᠢᠯᠭᠠᠨ ᠱᠠᠲᠤ ᠤᠬᠰᠠᠷᠠᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠦᠭᠭᠦ ᠲᠤᠬᠠᠶᠢᠯᠠᠭᠰᠠᠨ ᠠᠵᠢᠯ ᠢ ᠨᠡᠮᠡᠭᠳᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 5000 ᠡᠷᠦᠬᠡ ᠭᠡᠷ ᠪᠦᠯᠢ ᠳᠤ 1.5 ᠳ᠋ᠦᠩᠰᠢᠭᠤᠷ ᠲᠥᠭᠦᠷᠢᠭ ᠭᠠᠷᠭᠠᠨ ᠥᠭᠬᠦ ᠪᠠᠷ ᠲᠥᠯᠥᠪᠯᠡᠵᠦ ᠪᠠᠶᠢᠨ᠎ᠠ᠃      ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠷᠠᠯᠲᠠ᠄ 2021 ᠣᠨ ᠳᠤ 4400 ᠡᠷᠦᠬᠡ ᠳᠤ 18 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠴᠦ᠂ 2022 ᠣᠨ ᠳᠤ 4750 ᠡᠷᠦᠬᠡ ᠭᠡᠷ ᠪᠦᠯᠢ ᠳᠤ 20 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠴᠦ᠂ 2023 ᠣᠨ ᠳᠤ 5350 ᠡᠷᠦᠬᠡ ᠬᠡᠷ ᠪᠦᠯᠢ ᠳᠤ 23 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠴᠦ᠂ 2024 ᠣᠨ ᠳᠤ 6350 ᠡᠷᠦᠬᠡ ᠬᠡᠷ ᠪᠦᠯᠢ ᠳᠤ 28 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠴᠦ᠂ 2025 ᠣᠨ ᠳᠤ 7750 ᠡᠷᠦᠬᠡ ᠬᠡᠷ ᠪᠦᠯᠢ ᠳᠤ 35 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠭᠦᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠨᠡᠶᠢᠲᠡ 28600 ᠡᠷᠦᠬᠡ ᠬᠡᠷ ᠪᠦᠯᠢ ᠳᠤ 124 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠦᠭᠭᠦᠨ᠎ᠡ᠃http://mongol.people.com.cn/15833126.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号