ᠮᠠᠨ ᠤ ᠬᠤᠲᠠ ᠶᠢᠨ ᠰᠢᠨ᠎ᠡ ᠪᠠᠷ ᠪᠠᠶᠢᠭᠤᠯᠤᠭᠰᠠᠨ 4 ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠨᠢᠭᠡᠳᠦᠯᠳᠡᠢ ᠪᠠᠷ ᠠᠰᠢᠭᠯᠠᠯᠲᠠ ᠳᠤ ᠣᠷᠣᠭᠤᠯᠬᠤ ᠪᠠᠷ ᠪᠤᠢ
ᠨᠡᠶᠢᠲᠡᠯᠡᠭᠰᠡᠨ ᠴᠠᠭ᠄
2020/12/21
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠠᠴᠠ ᠬᠠᠷᠢᠭᠤᠴᠠᠵᠤ ᠰᠢᠨ᠎ᠡ ᠪᠠᠷ ᠪᠠᠶᠢᠭᠤᠯᠤᠭᠰᠠᠨ 4 ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠥᠷᠲᠡᠭᠡ ᠶᠢ 12 ᠰᠠᠷ᠎ᠠ ᠶᠢᠨ ᠰᠡᠭᠦᠯᠴᠢ ᠳᠤ ᠨᠢᠭᠡᠳᠦᠯᠳᠡᠢ ᠪᠠᠷ ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠴᠡᠨᠡᠭᠯᠡᠬᠦ ᠥᠷᠲᠡᠭᠡ ᠪᠦᠷᠢ ᠳᠤ 10 ᠴᠡᠨᠡᠭᠯᠡᠬᠦ ᠱᠣᠩ ᠬᠠᠩᠭᠠᠬᠤ ᠪᠥᠭᠡᠳ ᠴᠥᠮ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠲᠦᠷᠭᠡᠨ ᠴᠡᠨᠡᠭᠯᠡᠬᠦ ᠱᠣᠩ ᠪᠣᠯᠤᠨ᠎ᠠ᠃ ᠣᠳᠣᠬᠠᠨ ᠳᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠲᠠᠳ ᠶᠠᠭ ᠴᠠᠭ ᠢ ᠠᠮᠵᠢᠨ ᠬᠠᠮᠤᠭ ᠡᠴᠦᠰ ᠤᠨ ᠲᠣᠬᠢᠷᠠᠭᠤᠯᠵᠦ ᠲᠤᠷᠰᠢᠬᠤ ᠠᠵᠢᠯ ᠢ ᠬᠢᠵᠦ ᠪᠠᠶᠢᠨ᠎ᠠ᠃ ᠣᠶᠢᠯᠠᠭᠠᠭᠰᠠᠨ ᠢᠶᠠᠷ᠂ 2021 ᠣᠨ ᠠᠴᠠ 2022 ᠣᠨ ᠤ ᠡᠴᠦᠰ ᠪᠣᠯᠲᠠᠯ᠎ᠠ᠂ ᠮᠠᠨ ᠤ ᠬᠤᠲᠠ ᠪᠠᠰᠠ ᠲᠣᠰ ᠲᠣᠭᠤᠷᠢᠭ ᠲᠤ ᠰᠢᠨ᠎ᠡ ᠪᠠᠷ 60 ᠴᠠᠬᠢᠯᠭᠠᠨ ᠴᠡᠨᠡᠭᠯᠡᠬᠦ ᠥᠷᠲᠡᠭᠡ ᠭᠠᠷᠭᠠᠵᠤ᠂ 1200 ᠴᠠᠬᠢᠯᠭᠠᠨ ᠴᠡᠨᠡᠭᠯᠡᠬᠦ ᠫᠤᠤ  ᠪᠡᠯᠡᠳᠭᠡᠵᠦ ᠲᠠᠯᠪᠢᠬᠤ ᠪᠣᠯᠤᠨ᠎ᠠ᠃      ᠰᠢᠨ᠎ᠡ ᠪᠠᠷ ᠪᠠᠶᠢᠭᠤᠯᠤᠭᠰᠠᠨ 5 ᠴᠠᠬᠢᠯᠭᠠᠨ ᠴᠡᠨᠡᠭᠯᠡᠬᠦ ᠥᠷᠲᠡᠭᠡ ᠨᠢ ᠲᠣᠰ ᠲᠣᠰ ᠭᠡᠷᠡᠯᠲᠦ ᠨᠡᠷᠡᠮᠵᠢᠳᠦ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠪᠠᠷᠠᠭᠤᠨ ᠲᠠᠯ᠎ᠠ᠂ ᠱᠦᠶ ᠠᠨ ᠪᠠᠯᠭᠠᠰᠤ ᠶᠢᠨ ᠰᠠᠭᠤᠭᠠᠯᠢ ᠠᠷᠠᠳ ᠤᠨ ᠲᠤᠭᠤᠷᠢᠭ ᠤᠨ ᠬᠤᠶᠢᠲᠤ ᠲᠠᠯ᠎ᠠ᠂ ᠬᠤᠳᠠ ᠲᠤᠭᠤᠷᠢᠬᠰᠠᠨ ᠵᠡᠭᠦᠨ ᠬᠤᠶᠠᠳᠤᠭᠠᠷ ᠵᠠᠮ ᠤᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠡᠷᠭᠡᠨ ᠵᠣᠭᠰᠣᠭᠠᠯ ᠂ ᠵᠠᠨ ᠳ᠋ᠦᠩ ᠵᠠᠮ ᠬᠢᠭᠡᠳ ᠰᠢᠨᠬᠤᠧᠠ ᠵᠡᠭᠦᠨ ᠵᠡᠭᠡᠯᠢ ᠶᠢᠨ ᠠᠭᠤᠯᠵᠠᠷ ᠤᠨ ᠲᠣᠨᠣᠯᠵᠢᠨ ᠵᠠᠮ ᠠᠴᠠ  200 ᠮᠧᠲᠷ ᠡᠮᠦᠨᠡᠰᠢ ᠵᠠᠮ ᠤᠨ ᠵᠡᠭᠦᠨ ᠲᠠᠯ᠎ᠠ ᠵᠢᠴᠢ ᠬᠤᠧᠠᠬᠤᠰᠢᠭᠤ ᠪᠠᠯᠭᠠᠰᠤ ᠶᠢᠨ ᠰᠢᠲᠠᠮᠠᠬᠠᠶ ᠬᠡᠶ ᠶᠢᠨ ᠢᠯᠴᠢ ᠬᠠᠩᠭᠠᠬᠤ ᠥᠷᠲᠡᠭᠡ ᠳᠤ ᠪᠠᠶᠢᠷᠢᠯᠠᠵᠤ ᠪᠣᠶ᠃ ᠡᠭᠦᠨ ᠳᠤ᠂ ᠭᠡᠷᠡᠯᠲᠦ ᠨᠡᠷᠡᠮᠵᠢᠳᠦ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠪᠠᠷᠠᠭᠤᠨ ᠲᠠᠯ᠎ᠠ ᠳᠤ ᠪᠠᠶᠢᠭ᠎ᠠ ᠴᠠᠬᠢᠯᠭᠠᠨ ᠴᠡᠨᠡᠭᠯᠡᠬᠦ ᠥᠷᠲᠡᠭᠡ ᠶᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠡᠩ ᠤᠨ ᠬᠡᠷ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠪᠠᠷ ᠪᠠᠷᠠᠬᠤ ᠥᠬᠡᠶ᠂ ᠪᠠᠰᠠ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ᠂ ᠵᠢᠵᠢᠭ ᠬᠡᠯᠪᠡᠷᠢ ᠶᠢᠨ ᠴᠠᠬᠢᠯᠭᠠᠨ ᠬᠥᠳᠡᠯᠭᠡᠭᠦᠷᠲᠦ ᠪᠠᠷᠠᠭᠠᠨ ᠤ  ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠤᠨ᠎ᠠ᠃      ᠴᠠᠬᠢᠯᠭᠠᠨ ᠴᠡᠨᠡᠭᠯᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠵᠤ ᠪᠠᠶᠢᠭ᠎ᠠ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ 2021 ᠣᠨ ᠳᠤ 30 ᠴᠠᠬᠢᠯᠭᠠᠨ ᠴᠡᠨᠡᠭᠯᠡᠬᠦ ᠥᠷᠲᠡᠭᠡ ᠶᠢ ᠰᠢᠨ᠎ᠡ ᠪᠠᠷ ᠪᠠᠶᠢᠭᠤᠯᠬᠤ ᠪᠠᠷ ᠵᠢᠱᠢᠵᠦ ᠪᠣᠶ᠂ ᠣᠳᠣᠬᠠᠨ ᠳᠤ ᠭᠠᠵᠠᠷ ᠰᠣᠩᠭᠤᠬᠤ ᠠᠵᠢᠯ ᠢ ᠨᠢᠭᠡᠨᠲᠡ  ᠬᠢᠵᠦ  ᠲᠠᠭᠤᠰᠬᠠᠵᠠᠢ᠂ ᠡᠳᠡᠭᠡᠷ ᠭᠠᠵᠠᠷ ᠨᠢ ᠬᠤᠲᠠ ᠶᠢᠨ ᠳᠥᠷᠪᠡᠨ ᠲᠣᠭᠤᠷᠢᠭ ᠤᠨ ᠴᠡᠴᠡᠷᠯᠢᠭ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ ᠤᠨ ᠣᠶᠢᠷᠠᠯᠴᠠᠭ᠎ᠠ ᠲᠠᠷᠬᠠᠵᠤ ᠪᠠᠶᠢᠬᠤ ᠪᠦᠭᠡᠳ ᠣᠯᠠᠩᠬᠢ ᠨᠢ ᠨᠢᠭᠡᠨᠲᠡ ᠪᠠᠶᠢᠭᠤᠯᠤᠭᠰᠠᠨ ᠬᠥᠬᠡᠬᠤᠲᠠ ᠥᠷᠲᠡᠭᠡ ᠶᠢᠨ ᠬᠠᠵᠠᠭᠤ ᠳᠤ ᠪᠤᠢ᠂ ᠡᠨᠡ ᠨᠢ ᠭᠤᠤᠯᠳᠠᠭᠤ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠴᠠᠭ ᠨᠢ ᠬᠠᠷᠢᠴᠠᠩᠭᠤᠶ ᠪᠠᠷ ᠨᠡᠯᠢᠶᠡᠳ ᠣᠷᠳᠣ᠂ ᠵᠢᠯᠣᠭᠤᠴᠢ ᠴᠠᠬᠢᠯᠭᠠᠨ ᠴᠡᠨᠡᠭᠯᠡᠬᠦ  ᠬᠤᠭᠤᠷᠤᠨᠳᠤ ᠳᠤ ᠪᠠᠨ ᠬᠥᠬᠡᠬᠤᠲᠠ ᠶᠢᠨ ᠥᠷᠲᠡᠭᠡ ᠳᠤ ᠤᠷᠤᠵᠤ ᠵᠢᠭᠠᠬᠠᠨ ᠠᠮᠠᠷᠠᠵᠤ ᠪᠣᠯᠬᠤ ᠶᠢ ᠪᠤᠳᠤᠯᠬᠢᠯᠠᠬᠰᠠᠨ ᠶᠤᠮ᠃      ᠡᠭᠦᠨ ᠠᠴᠠ ᠭᠠᠳᠠᠨ᠎ᠠ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠢᠷᠡᠬᠦ ᠬᠤᠶᠠᠷ ᠵᠢᠯ ᠤᠨ ᠳᠣᠲᠣᠷ᠎ᠠ ᠬᠤᠳᠠ ᠶᠢ ᠲᠤᠭᠤᠷᠢᠬᠰᠠᠨ ᠬᠤᠶᠠᠳᠤᠭᠠᠷ ᠲᠦᠷᠭᠡᠨ ᠤ ᠵᠠᠮ᠂ 110 ᠤᠯᠤᠰ ᠤᠨ ᠵᠠᠮ᠂ ᠵᠢᠨᠴᠦᠧᠠᠨ ᠤ ᠬᠠᠷᠢᠶ᠎ᠠ ᠣᠷᠣᠨ᠂ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠵᠡᠷᠭᠡ ᠭᠠᠵᠠᠷ ᠲᠤ ᠨᠠᠭᠠᠳᠤ ᠵᠠᠬ᠎ᠠ ᠳᠠᠭᠠᠨ ᠰᠢᠨ᠎ᠡ ᠪᠠᠷ 60 ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠵᠤ᠂ 1200 ᠴᠠᠬᠢᠯᠭᠠᠨ ᠴᠡᠨᠡᠭᠯᠡᠬᠦ ᠫᠤᠤ ᠪᠡᠯᠡᠳᠭᠡᠨ ᠲᠠᠯᠪᠢᠨ᠎ᠡ᠃ ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠴᠡᠨᠡᠭᠯᠡᠬᠦ ᠥᠷᠲᠡᠭᠡ ᠪᠦᠷᠢ ᠳᠤ 10 ᠴᠡᠨᠡᠭᠯᠡᠬᠦ ᠱᠣᠩ᠂ 20 ᠴᠠᠬᠢᠯᠭᠠᠨ ᠴᠡᠨᠡᠭᠯᠡᠬᠦ ᠫᠤᠤ ᠪᠡᠯᠡᠳᠭᠡᠨ ᠲᠠᠯᠪᠢᠵᠤ᠂ 20 ᠲᠡᠷᠭᠡ ᠵᠣᠭᠰᠣᠭᠠᠬᠤ  ᠪᠠᠶᠢᠷᠢ ᠬᠠᠩᠭᠠᠵᠤ᠂ ᠬᠢᠨᠠᠨ ᠡᠵᠡᠮᠳᠡᠬᠦ ᠣᠶᠤᠨᠴᠢ ᠬᠠᠮᠢᠶᠠᠷᠤᠯᠲᠠ ᠶᠢᠨ ᠰᠢᠰᠲ᠋ᠧᠮ ᠳᠣᠭᠢᠷᠠᠭᠤᠯᠵᠤ᠂ ᠪᠣᠬᠢᠷᠲᠤᠯ ᠥᠬᠡᠶ ᠲᠡᠷᠭᠡᠨ ᠫᠠᠶᠢᠰᠠ ᠲᠠᠢ ᠮᠠᠰᠢᠨ ᠲᠡᠷᠭᠡ ᠶᠢ ᠣᠶᠤᠨᠴᠢ ᠪᠠᠷ ᠢᠯᠭᠠᠨ ᠲᠠᠨᠢᠵᠤ᠂ ᠴᠠᠬᠢᠯᠭᠠᠨ ᠴᠡᠨᠡᠭᠯᠡᠬᠦ ᠮᠠᠰᠢᠨ ᠲᠡᠷᠭᠡ ᠴᠠᠬᠢᠯᠭᠠᠨ ᠳᠦᠭᠦᠷᠳᠡᠯ᠎ᠡ ᠴᠡᠨᠡᠭᠯᠡᠭᠰᠡᠨ ᠪᠠᠶᠢᠳᠠᠯ᠎ᠠ ᠪᠠᠨ ᠴᠠᠬᠢᠯᠭᠠᠨ ᠴᠡᠨᠡᠭᠯᠡᠬᠦ ᠲᠡᠷᠭᠡᠨ ᠪᠠᠶᠢᠷᠢ ᠶᠢ ᠣᠷᠳᠣ ᠬᠤᠭᠤᠴᠠᠭ᠎ᠠ ᠪᠠᠷ ᠡᠵᠡᠯᠡᠬᠦ ᠶᠢ ᠬᠤᠷᠢᠬᠯᠠᠨ ᠴᠠᠭᠠᠵᠠᠯᠠᠨ᠎ᠠ ᠬᠡᠪᠡ᠃http://mongol.people.com.cn/15833202.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号