ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ︽ᠦᠷ᠎ᠡ ᠶᠢᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠲᠥᠰᠦᠯ ︵2020 — 2022 ᠣᠨ︶︾ ᠢ ᠲᠣᠭᠲᠠᠭᠠᠵᠤ᠂ 2022 ᠣᠨ ᠪᠣᠯᠬᠤ ᠳᠤ᠂ ᠮᠠᠨ ᠤ ᠣᠷᠣᠨ | ᠦᠷ᠎ᠡ ᠪᠤᠶᠢᠵᠢᠭᠤᠯᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠦᠢᠯᠡᠳᠪᠦᠷᠢᠯᠡᠬᠦ ᠵᠢᠭᠠᠬᠤ | ᠰᠤᠳᠤᠯᠬᠤ ᠶᠢ ᠤᠶᠠᠯᠳᠤᠭᠤᠯᠤᠭᠰᠠᠨ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ | ᠦᠷ᠎ᠡ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠪᠦᠷᠢᠯᠳᠦᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠯᠦᠭᠡ ᠵᠣᠬᠢᠴᠠᠯᠳᠤᠭᠰᠠᠨ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ᠂ | ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠪᠠ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠬᠤ ᠪᠠᠷ ᠪᠠᠶᠢᠨ᠎ᠠ᠃ | ᠲᠥᠰᠦᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠲᠠᠷᠢᠮᠠᠯ᠂ ᠮᠠᠯ ᠵᠢᠭᠦᠷᠲᠡᠨ᠂ ᠣᠶ ᠰᠢᠭᠤᠶ | ᠡᠪᠡᠰᠦᠨ ᠤ ᠦᠷ᠎ᠡ ᠶᠢᠨ ᠦᠢᠯᠡᠰ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠦᠯᠦᠪᠯᠡᠵᠦ᠂ ᠡᠬᠢ ᠪᠠᠶᠠᠯᠢᠭ ᠢ | ᠬᠠᠮᠠᠭᠠᠯᠠᠬᠤ᠂ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠶᠢ ᠭᠤᠤᠯᠳᠠᠯᠭ᠎ᠠ ᠲᠠᠢ ᠴᠢᠩᠭᠠᠳᠬᠠᠵᠤ᠂ | ᠰᠠᠭᠠᠯᠢ ᠶᠢᠨ ᠦᠨᠢᠶ᠎ᠡ᠂ ᠢᠳᠡᠰᠢᠨ ᠦᠬᠡᠷ᠂ ᠢᠳᠡᠰᠢᠨ ᠬᠤᠨᠢ᠂ ᠨᠣᠤᠰᠣ ᠨᠣᠯᠦᠦᠷ ᠲᠤ ᠬᠡᠷᠡᠭᠯᠡᠬᠦ ᠬᠤᠨᠢ᠂ ᠡᠷᠳᠡᠨᠢ | ᠰᠢᠰᠢ᠂ ᠲᠥᠮᠥᠰᠥ᠂ ᠨᠡᠷᠡᠨ ᠬᠤᠧᠠᠷ᠂ ᠲᠡᠵᠢᠭᠡᠯ ᠡᠪᠡᠰᠦ᠂ ᠨᠤᠲᠤᠭ ᠤᠨ ᠮᠣᠳᠣᠨ ᠤ ᠲᠥᠷᠥᠯ᠂ ᠨᠤᠲᠤᠭ ᠤᠨ | ᠡᠪᠡᠰᠦᠨ ᠤ ᠲᠥᠷᠥᠯ ᠵᠡᠷᠭᠡ ᠣᠷᠣᠨ ᠪᠦᠰᠡ ᠶᠢᠨ ᠳᠠᠪᠠᠭᠤᠯᠢᠭ ᠤᠨᠴᠠᠯᠢᠭᠳᠤ ᠪᠤᠳᠠᠰ ᠤᠨ ᠲᠦᠷᠦᠯ ᠳᠤ | ᠠᠩᠬᠠᠷᠤᠯ ᠢᠶᠠᠨ ᠲᠥᠪᠯᠡᠷᠡᠭᠦᠯᠵᠦ᠂ ᠪᠤᠰᠤᠳ ᠪᠣᠳᠠᠰ ᠤᠨ ᠲᠥᠷᠥᠯ ᠢ ᠬᠠᠮᠲᠤ ᠳᠤᠨᠢ ᠬᠠᠷᠠᠭᠠᠯᠵᠠᠨ᠂ ᠰᠢᠰᠲ᠋ᠧᠮ ᠲᠠᠢ | ᠪᠠᠶᠢᠷᠢᠰᠢᠭᠤᠯᠵᠤ᠂ ᠡᠮᠬᠢ ᠵᠢᠷᠤᠮ ᠲᠠᠢ ᠠᠬᠢᠭᠤᠯᠤᠨ᠎ᠠ᠃ ᠡᠭᠦᠨ ᠤ ᠬᠠᠮᠲᠤ ᠪᠠᠭᠤᠷᠠᠶ ᠲᠠᠯ᠎ᠠ ᠪᠠᠨ ᠴᠢᠩᠭᠠᠷᠠᠭᠤᠯᠤᠨ᠂ | ᠦᠷ᠎ᠡ ᠶᠢᠨ ᠦᠢᠯᠡᠰ ᠤᠨ ᠰᠠᠭᠤᠷᠢ ᠲᠦᠭᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠪᠠᠶᠢᠭᠤᠯᠤᠯ | ᠲᠣᠭᠲᠠᠴᠠ ᠶᠢᠨ ᠳᠤᠮᠳᠠᠬᠢ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠂ ᠦᠷ᠎ᠡ ᠶᠢᠨ ᠦᠢᠯᠡᠰ ᠤᠨ | ᠬᠦᠷᠢᠶᠡᠨ ᠳᠠᠬᠢ ᠬᠠᠮᠢᠶ᠎ᠠ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ | ᠂ ᠶᠡᠭᠡ ᠳᠡᠭᠡᠳᠦ ᠰᠤᠷᠭᠠᠭᠤᠯᠢ ᠵᠡᠷᠭᠡ ᠬᠦᠴᠦᠨ ᠨᠦᠭᠦᠳ ᠤᠨ ᠰᠢᠯᠢᠳᠡᠭ ᠢ ᠨᠢ ᠰᠣᠩᠭᠤᠨ ᠳᠡᠮᠵᠢᠵᠦ᠂ | ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠬᠠᠮᠲᠤᠷᠠᠨ ᠪᠣᠭᠤᠮᠲᠠ ᠰᠢᠪᠲᠤᠯᠬᠤ ᠠᠵᠢᠯ ᠥᠷᠨᠢᠭᠦᠯᠦᠨ᠂ | ᠦᠷ᠎ᠡ ᠶᠢᠨ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠴᠢᠷᠮᠠᠶᠢᠨ ᠰᠢᠪᠲᠤᠯᠵᠤ᠂ | ᠦᠷ᠎ᠡ ᠶᠢᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠂ ᠦᠷ᠎ᠡ ᠶᠢᠨ ᠦᠢᠯᠡᠰ ᠤᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠡᠬᠢ ᠪᠠᠶᠠᠯᠢᠭ ᠢ ᠬᠠᠮᠠᠭᠠᠯᠠᠬᠤ᠂ ᠡᠭᠦᠯᠳᠡᠷ ᠪᠤᠶᠢᠵᠢᠭᠤᠯᠬᠤ | ᠰᠢᠨ᠎ᠡ ᠶᠢ ᠡᠭᠦᠳᠬᠦ᠂ ᠡᠭᠦᠯᠳᠡᠷ ᠪᠠ ᠦᠷ᠎ᠡ ᠶᠢᠨ ᠲᠦᠷᠦᠯ ᠢ ᠰᠢᠯᠭᠠᠬᠤ ᠪᠠ ᠦᠷ᠎ᠡ ᠶᠢᠨ ᠦᠢᠯᠡᠰ ᠤᠨ | ᠦᠢᠯᠡᠳᠪᠦᠷᠢᠯᠡᠯ ᠤᠨ ᠰᠢᠰᠲ᠋ᠧᠮᠵᠢᠭᠰᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠳᠣ ᠦᠶ᠎ᠡ ᠶᠢᠨ | ᠦᠷ᠎ᠡ ᠶᠢᠨ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ | ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ | 2022 ᠣᠨ ᠪᠣᠯᠬᠤ ᠳᠤ᠂ ᠪᠦᠬᠦ ᠣᠷᠣᠨ ᠤ ᠣᠳᠣ ᠦᠶ᠎ᠡ ᠶᠢᠨ ᠦᠷ᠎ᠡ ᠶᠢᠨ ᠦᠢᠯᠡᠰ ᠤᠨ | ᠬᠥᠭᠵᠢᠯᠲᠡ ᠶᠢᠨ ᠲᠠᠯ᠎ᠠ ᠪᠠᠷ ᠲᠣᠪᠤᠶᠢᠮ᠎ᠠ ᠦᠷ᠎ᠡ ᠪᠦᠲᠦᠮᠵᠢ ᠣᠯᠵᠤ᠂ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ | ᠴᠢᠳᠠᠪᠤᠷᠢ ᠶᠢ ᠢᠯᠡᠷᠬᠡᠶ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠷ ᠴᠢᠩᠭ᠎ᠠ ᠨᠢᠭᠡ | ᠪᠦᠯᠦᠭ ᠰᠢᠨ᠎ᠡ ᠦᠷ᠎ᠡ ᠵᠢᠴᠢ ᠲᠥᠬᠦᠷᠵᠢᠭᠰᠡᠨ ᠤᠳᠤᠮ ᠢ ᠪᠤᠶᠢᠵᠢᠭᠤᠯᠤᠨ᠎ᠠ᠃ ᠭᠤᠤᠯ ᠪᠣᠯᠬᠤ ᠲᠠᠷᠢᠮᠠᠯ ᠤᠨ | ᠵᠦᠢᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ 98 % ᠠᠴᠠ ᠳᠡᠭᠡᠭᠰᠢ ᠳᠤ ᠪᠠᠶᠢᠯᠭᠠᠬᠤ ᠶᠢ | ᠲᠤᠬᠳᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ | ᠮᠠᠨ ᠤ ᠣᠷᠣᠨ ᠤ ᠲᠠᠷᠢᠬᠤ ᠳᠤ ᠲᠣᠬᠢᠷᠠᠬᠤ ᠴᠢᠨᠠᠷ ᠰᠠᠶᠢᠲᠠᠶ ᠰᠢᠨ᠎ᠡ ᠦᠷ᠎ᠡ ᠶᠢᠨ ᠲᠦᠷᠦᠯ ᠵᠦᠢᠯ ᠢ 15 ᠠᠴᠠ | ᠳᠡᠭᠡᠭᠰᠢ ᠪᠤᠶᠢᠵᠢᠭᠤᠯᠵᠤ᠂ ᠰᠠᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 100 ᠲᠦᠮᠡᠨ | ᠮᠦ ᠠᠴᠠ ᠳᠡᠭᠡᠭᠰᠢ ᠪᠠᠶᠢᠯᠭᠠᠬᠤ ᠶᠢ ᠲᠤᠬᠳᠠᠪᠤᠷᠢᠵᠢᠭᠤᠯᠵᠤ᠂ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠤᠬᠰᠠᠨ | ᠦᠷ᠎ᠡ ᠶᠢ ᠬᠡᠷᠡᠭᠯᠡᠬᠦ ᠪᠦᠷᠬᠦᠴᠡ ᠶᠢᠨ ᠨᠣᠷᠮ᠎ᠠ ᠶᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠦᠨ᠎ᠡ᠃ ᠰᠠᠶᠢᠨ | ᠡᠭᠦᠯᠳᠡᠷ ᠪᠤᠶᠢᠵᠢᠭᠤᠯᠬᠤ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ ᠡᠭᠦᠯᠳᠡᠷ | ᠪᠤᠶᠢᠵᠢᠭᠤᠯᠬᠤ ᠭᠤᠤᠯ ᠲᠠᠯᠠᠪᠠᠶ ᠶᠢ 13 ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠳᠣᠲᠣᠭᠠᠳᠤ ᠶᠢᠨ | ᠨᠡᠷᠡᠰ ᠤᠨ ᠵᠢᠭᠰᠠᠭᠠᠯᠲᠠ ᠳᠤ ᠡᠮᠦᠨ᠎ᠡ 100 ᠨᠡᠷᠡᠰ ᠤᠨ ᠳᠣᠲᠣᠷᠠᠬᠢ ᠬᠤᠯᠰᠲ᠋ᠧᠢᠢᠨ ᠪᠣᠯᠤᠨ ᠰᠢᠮᠧᠨ᠋ᠳᠡᠷ ᠰᠢᠯᠢᠳᠡᠭ | ᠡᠭᠦᠯᠳᠡᠷ ᠤᠨ ᠪᠤᠬ᠎ᠠ ᠶᠢ ᠴᠥᠮ 30 ᠲᠤᠯᠤᠭᠠᠢ ᠠᠴᠠ ᠳᠡᠭᠡᠭᠰᠢ ᠪᠠᠶᠢᠯᠭᠠᠬᠤ ᠶᠢ ᠲᠤᠬᠳᠠᠪᠤᠷᠢᠵᠢᠭᠤᠯᠵᠤ᠂ ᠰᠠᠶᠢᠨ | ᠡᠭᠦᠯᠳᠡᠷ ᠤᠨ ᠢᠳᠡᠰᠢᠨ ᠬᠤᠨᠢ ᠶᠢᠨ ᠵᠢᠯ ᠳᠤ ᠡᠭᠦᠯᠳᠡᠷ ᠬᠠᠩᠭᠠᠬᠤ ᠴᠢᠳᠠᠪᠤᠷᠢ ᠶᠢ 20 ᠲᠦᠮᠡ ᠠᠴᠠ ᠳᠡᠭᠡᠭᠰᠢ | ᠪᠠᠶᠢᠯᠭᠠᠨ᠎ᠠ᠃ ᠣᠶ ᠮᠣᠳᠣᠨ ᠤ ᠰᠠᠶᠢᠨ ᠦᠷ᠎ᠡ ᠤᠨ ᠬᠡᠷᠡᠭᠯᠡᠯᠲᠡ ᠶᠢᠨ ᠨᠣᠷᠮ᠎ᠠ ᠶᠢ 65 % ᠳᠤ ᠬᠦᠷᠦᠭᠦᠯᠵᠦ᠂ | ᠨᠤᠲᠤᠭ ᠤᠨ ᠰᠠᠶᠢᠨ ᠮᠣᠳᠣᠨ ᠤ ᠲᠥᠷᠥᠯ ᠵᠦᠢᠯ ︵ᠲᠥᠷᠥᠯ ᠵᠦᠢᠯ︶ ᠢ 30 ᠠᠴᠠ ᠳᠡᠭᠡᠭᠰᠢ ᠶᠢ ᠰᠣᠩᠭᠤᠨ | ᠪᠤᠶᠢᠵᠢᠭᠤᠯᠵᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠳᠤ ᠪᠠᠴᠢᠮ ᠬᠡᠷᠡᠭᠰᠡᠬᠦ ᠨᠤᠲᠤᠭ ᠤᠨ ᠡᠪᠡᠰᠦᠨ ᠤ ᠲᠥᠷᠥᠯ | ︵ᠲᠥᠷᠥᠯ ᠵᠦᠢᠯ︶ ᠢ 30 ᠠᠴᠠ ᠳᠡᠭᠡᠭᠰᠢ ᠰᠣᠩᠭᠤᠨ ᠪᠤᠶᠢᠵᠢᠭᠤᠯᠵᠤ᠂ 6 ᠲᠦᠮᠡᠨ ᠮᠦ ᠲᠠᠯᠠᠪᠠᠢ ᠪᠦᠬᠦᠢ ᠣᠶ | ᠮᠣᠳᠣ ᠡᠪᠡᠰᠦᠨ ᠤ ᠰᠠᠶᠢᠨ ᠦᠷ᠎ᠡ ᠶᠢᠨ ᠰᠠᠭᠤᠷᠢᠨ ᠭᠠᠵᠠᠷ ᠪᠣᠯᠤᠨ 13 ᠲᠦᠮᠡᠨ ᠮᠦ ᠲᠠᠯᠠᠪᠠᠢ ᠪᠦᠬᠦᠢ ᠣᠶ ᠮᠣᠳᠣ | ᠡᠪᠡᠰᠦ ᠲᠠᠷᠢᠵᠤ ᠦᠷ᠎ᠡ ᠬᠤᠷᠢᠶᠠᠨ ᠠᠪᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠲᠡᠵᠢᠭᠡᠯ | ᠡᠪᠡᠰᠦᠨ ᠤ ᠦᠷ᠎ᠡ ᠶᠢᠨ ᠰᠠᠭᠤᠷᠢ ᠦᠢᠯᠡᠳᠪᠦᠷᠢᠯᠡᠯ ᠤᠨ ᠰᠠᠭᠤᠷᠢᠨ ᠭᠠᠵᠠᠷ ᠢ 20 ᠪᠠᠶᠢᠭᠤᠯᠵᠤ᠂ ᠲᠡᠵᠢᠭᠡᠯ | ᠡᠪᠡᠰᠦᠨ ᠤ ᠰᠢᠨ᠎ᠡ ᠦᠷ᠎ᠡ ᠶᠢᠨ ᠲᠦᠷᠦᠯ ᠵᠦᠢᠯ ᠢ 10 ᠠᠴᠠ ᠳᠡᠭᠡᠭᠰᠢ ᠪᠤᠶᠢᠵᠢᠭᠤᠯᠬᠤ ᠪᠤᠯᠤᠨ᠎ᠠ᠃ | http://mongol.people.com.cn/15833201.html |