ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠶᠢᠨ ᠰᠢᠲᠠᠮᠠᠬᠠᠶ ᠬᠡᠶ ᠶᠢᠨ | ᠢᠯᠴᠢ ᠶᠢᠨ ᠬᠦᠴᠦᠨ ᠤ ᠺᠣᠮᠫᠠᠨᠢ ᠠᠴᠠ ᠬᠠᠷᠢᠭᠤᠴᠠᠵᠤ ᠰᠢᠨ᠎ᠡ ᠪᠠᠷ ᠪᠠᠶᠢᠭᠤᠯᠤᠭᠰᠠᠨ 4 ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠥᠷᠲᠡᠭᠡ ᠶᠢ 12 | ᠰᠠᠷ᠎ᠠ ᠶᠢᠨ ᠰᠡᠭᠦᠯᠴᠢ ᠳᠤ ᠨᠢᠭᠡᠳᠦᠯᠳᠡᠢ ᠪᠠᠷ ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠴᠡᠨᠡᠭᠯᠡᠬᠦ ᠥᠷᠲᠡᠭᠡ ᠪᠦᠷᠢ ᠳᠤ 10 ᠴᠡᠨᠡᠭᠯᠡᠬᠦ ᠱᠣᠩ ᠬᠠᠩᠭᠠᠬᠤ | ᠪᠥᠭᠡᠳ ᠴᠥᠮ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠲᠦᠷᠭᠡᠨ ᠴᠡᠨᠡᠭᠯᠡᠬᠦ ᠱᠣᠩ ᠪᠣᠯᠤᠨ᠎ᠠ᠃ ᠣᠳᠣᠬᠠᠨ ᠳᠤ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠵᠢᠯᠲᠠᠳ ᠶᠠᠭ ᠴᠠᠭ ᠢ ᠠᠮᠵᠢᠨ ᠬᠠᠮᠤᠭ ᠡᠴᠦᠰ ᠤᠨ ᠲᠣᠬᠢᠷᠠᠭᠤᠯᠵᠦ ᠲᠤᠷᠰᠢᠬᠤ ᠠᠵᠢᠯ ᠢ ᠬᠢᠵᠦ ᠪᠠᠶᠢᠨ᠎ᠠ᠃ ᠣᠶᠢᠯᠠᠭᠠᠭᠰᠠᠨ ᠢᠶᠠᠷ᠂ | 2021 ᠣᠨ ᠠᠴᠠ 2022 ᠣᠨ ᠤ ᠡᠴᠦᠰ ᠪᠣᠯᠲᠠᠯ᠎ᠠ᠂ ᠮᠠᠨ ᠤ ᠬᠤᠲᠠ ᠪᠠᠰᠠ ᠲᠣᠰ ᠲᠣᠭᠤᠷᠢᠭ ᠲᠤ ᠰᠢᠨ᠎ᠡ ᠪᠠᠷ 60 ᠴᠠᠬᠢᠯᠭᠠᠨ ᠴᠡᠨᠡᠭᠯᠡᠬᠦ ᠥᠷᠲᠡᠭᠡ | ᠭᠠᠷᠭᠠᠵᠤ᠂ 1200 ᠴᠠᠬᠢᠯᠭᠠᠨ ᠴᠡᠨᠡᠭᠯᠡᠬᠦ ᠫᠤᠤ ᠪᠡᠯᠡᠳᠭᠡᠵᠦ ᠲᠠᠯᠪᠢᠬᠤ ᠪᠣᠯᠤᠨ᠎ᠠ᠃ | ᠰᠢᠨ᠎ᠡ ᠪᠠᠷ ᠪᠠᠶᠢᠭᠤᠯᠤᠭᠰᠠᠨ 5 ᠴᠠᠬᠢᠯᠭᠠᠨ ᠴᠡᠨᠡᠭᠯᠡᠬᠦ ᠥᠷᠲᠡᠭᠡ ᠨᠢ ᠲᠣᠰ ᠲᠣᠰ ᠭᠡᠷᠡᠯᠲᠦ ᠨᠡᠷᠡᠮᠵᠢᠳᠦ ᠬᠥᠬᠡᠬᠤᠲᠠ ᠶᠢᠨ ᠰᠢᠲᠠᠮᠠᠬᠠᠶ ᠬᠡᠶ ᠶᠢᠨ | ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠪᠠᠷᠠᠭᠤᠨ ᠲᠠᠯ᠎ᠠ᠂ ᠱᠦᠶ ᠠᠨ ᠪᠠᠯᠭᠠᠰᠤ ᠶᠢᠨ ᠰᠠᠭᠤᠭᠠᠯᠢ ᠠᠷᠠᠳ ᠤᠨ ᠲᠤᠭᠤᠷᠢᠭ ᠤᠨ ᠬᠤᠶᠢᠲᠤ ᠲᠠᠯ᠎ᠠ᠂ | ᠬᠤᠳᠠ ᠲᠤᠭᠤᠷᠢᠬᠰᠠᠨ ᠵᠡᠭᠦᠨ ᠬᠤᠶᠠᠳᠤᠭᠠᠷ ᠵᠠᠮ ᠤᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠡᠷᠭᠡᠨ ᠵᠣᠭᠰᠣᠭᠠᠯ᠂ ᠵᠠᠨ | ᠳ᠋ᠦᠩ ᠵᠠᠮ ᠬᠢᠭᠡᠳ ᠰᠢᠨᠬᠤᠧᠠ ᠵᠡᠭᠦᠨ ᠵᠡᠭᠡᠯᠢ ᠶᠢᠨ ᠠᠭᠤᠯᠵᠠᠷ ᠤᠨ ᠲᠣᠨᠣᠯᠵᠢᠨ ᠵᠠᠮ ᠠᠴᠠ 200 ᠮᠧᠲᠷ ᠡᠮᠦᠨᠡᠰᠢ ᠵᠠᠮ ᠤᠨ ᠵᠡᠭᠦᠨ ᠲᠠᠯ᠎ᠠ ᠵᠢᠴᠢ | ᠬᠤᠧᠠᠬᠤᠰᠢᠭᠤ ᠪᠠᠯᠭᠠᠰᠤ ᠶᠢᠨ ᠰᠢᠲᠠᠮᠠᠬᠠᠶ ᠬᠡᠶ ᠶᠢᠨ ᠢᠯᠴᠢ ᠬᠠᠩᠭᠠᠬᠤ ᠥᠷᠲᠡᠭᠡ ᠳᠤ ᠪᠠᠶᠢᠷᠢᠯᠠᠵᠤ ᠪᠣᠶ᠃ ᠡᠭᠦᠨ ᠳᠤ᠂ ᠭᠡᠷᠡᠯᠲᠦ ᠨᠡᠷᠡᠮᠵᠢᠳᠦ | ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠪᠠᠷᠠᠭᠤᠨ ᠲᠠᠯ᠎ᠠ ᠳᠤ ᠪᠠᠶᠢᠭ᠎ᠠ ᠴᠠᠬᠢᠯᠭᠠᠨ ᠴᠡᠨᠡᠭᠯᠡᠬᠦ ᠥᠷᠲᠡᠭᠡ ᠶᠢ | ᠨᠢᠭᠡᠨᠲᠡ ᠠᠰᠢᠭᠯᠠᠯᠲᠠ ᠳᠤ ᠣᠷᠣᠭᠤᠯᠵᠤ᠂ ᠡᠩ ᠤᠨ ᠬᠡᠷ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠪᠠᠷ ᠪᠠᠷᠠᠬᠤ | ᠥᠬᠡᠶ᠂ ᠪᠠᠰᠠ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ᠂ ᠵᠢᠵᠢᠭ ᠬᠡᠯᠪᠡᠷᠢ ᠶᠢᠨ ᠴᠠᠬᠢᠯᠭᠠᠨ ᠬᠥᠳᠡᠯᠭᠡᠭᠦᠷᠲᠦ ᠪᠠᠷᠠᠭᠠᠨ ᠤ ᠮᠠᠰᠢᠨ | ᠲᠡᠷᠭᠡᠨ ᠳᠤ ᠴᠠᠬᠢᠯᠭᠠᠨ ᠴᠡᠨᠡᠭᠯᠡᠵᠦ ᠪᠣᠯᠤᠨ᠎ᠠ᠃ | ᠴᠠᠬᠢᠯᠭᠠᠨ ᠴᠡᠨᠡᠭᠯᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠵᠤ ᠪᠠᠶᠢᠭ᠎ᠠ ᠠᠵᠢᠯᠲᠠᠨ ᠤ ᠲᠠᠨᠢᠯᠴᠠᠭᠤᠯᠤᠭᠰᠠᠨ ᠢᠶᠠᠷ᠂ | ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ 2021 ᠣᠨ ᠳᠤ 30 ᠴᠠᠬᠢᠯᠭᠠᠨ ᠴᠡᠨᠡᠭᠯᠡᠬᠦ ᠥᠷᠲᠡᠭᠡ ᠶᠢ ᠰᠢᠨ᠎ᠡ ᠪᠠᠷ | ᠪᠠᠶᠢᠭᠤᠯᠬᠤ ᠪᠠᠷ ᠵᠢᠱᠢᠵᠦ ᠪᠣᠶ᠂ ᠣᠳᠣᠬᠠᠨ ᠳᠤ ᠭᠠᠵᠠᠷ ᠰᠣᠩᠭᠤᠬᠤ ᠠᠵᠢᠯ ᠢ ᠨᠢᠭᠡᠨᠲᠡ ᠬᠢᠵᠦ ᠲᠠᠭᠤᠰᠬᠠᠵᠠᠢ᠂ ᠡᠳᠡᠭᠡᠷ ᠭᠠᠵᠠᠷ ᠨᠢ ᠬᠤᠲᠠ ᠶᠢᠨ ᠳᠥᠷᠪᠡᠨ | ᠲᠣᠭᠤᠷᠢᠭ ᠤᠨ ᠴᠡᠴᠡᠷᠯᠢᠭ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ ᠤᠨ ᠣᠶᠢᠷᠠᠯᠴᠠᠭ᠎ᠠ ᠲᠠᠷᠬᠠᠵᠤ ᠪᠠᠶᠢᠬᠤ | ᠪᠦᠭᠡᠳ ᠣᠯᠠᠩᠬᠢ ᠨᠢ ᠨᠢᠭᠡᠨᠲᠡ ᠪᠠᠶᠢᠭᠤᠯᠤᠭᠰᠠᠨ ᠬᠥᠬᠡᠬᠤᠲᠠ ᠥᠷᠲᠡᠭᠡ ᠶᠢᠨ ᠬᠠᠵᠠᠭᠤ ᠳᠤ ᠪᠤᠢ᠂ ᠡᠨᠡ ᠨᠢ ᠭᠤᠤᠯᠳᠠᠭᠤ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠴᠠᠭ ᠨᠢ ᠬᠠᠷᠢᠴᠠᠩᠭᠤᠶ ᠪᠠᠷ ᠨᠡᠯᠢᠶᠡᠳ ᠣᠷᠳᠣ᠂ ᠵᠢᠯᠣᠭᠤᠴᠢ ᠴᠠᠬᠢᠯᠭᠠᠨ ᠴᠡᠨᠡᠭᠯᠡᠬᠦ ᠬᠤᠭᠤᠷᠤᠨᠳᠤ ᠳᠤ ᠪᠠᠨ ᠬᠥᠬᠡᠬᠤᠲᠠ ᠶᠢᠨ ᠥᠷᠲᠡᠭᠡ ᠳᠤ | ᠤᠷᠤᠵᠤ ᠵᠢᠭᠠᠬᠠᠨ ᠠᠮᠠᠷᠠᠵᠤ ᠪᠣᠯᠬᠤ ᠶᠢ ᠪᠤᠳᠤᠯᠬᠢᠯᠠᠬᠰᠠᠨ ᠶᠤᠮ᠃ | ᠡᠭᠦᠨ ᠠᠴᠠ ᠭᠠᠳᠠᠨ᠎ᠠ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠢᠷᠡᠬᠦ ᠬᠤᠶᠠᠷ ᠵᠢᠯ ᠤᠨ ᠳᠣᠲᠣᠷ᠎ᠠ | ᠬᠤᠳᠠ ᠶᠢ ᠲᠤᠭᠤᠷᠢᠬᠰᠠᠨ ᠬᠤᠶᠠᠳᠤᠭᠠᠷ ᠲᠦᠷᠭᠡᠨ ᠤ ᠵᠠᠮ᠂ 110 ᠤᠯᠤᠰ ᠤᠨ ᠵᠠᠮ᠂ ᠵᠢᠨᠴᠦᠧᠠᠨ ᠤ ᠬᠠᠷᠢᠶ᠎ᠠ ᠣᠷᠣᠨ᠂ ᠨᠢᠰᠬᠡᠯ ᠤᠨ ᠪᠠᠭᠤᠳᠠᠯ ᠤᠨ ᠡᠷᠬᠢᠨ | ᠲᠣᠭᠤᠷᠢᠨ ᠵᠡᠷᠭᠡ ᠭᠠᠵᠠᠷ ᠲᠤ ᠨᠠᠭᠠᠳᠤ ᠵᠠᠬ᠎ᠠ ᠳᠠᠭᠠᠨ ᠰᠢᠨ᠎ᠡ ᠪᠠᠷ 60 ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠵᠤ᠂ 1200 ᠴᠠᠬᠢᠯᠭᠠᠨ ᠴᠡᠨᠡᠭᠯᠡᠬᠦ ᠫᠤᠤ | ᠪᠡᠯᠡᠳᠭᠡᠨ ᠲᠠᠯᠪᠢᠨ᠎ᠡ᠃ ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠴᠡᠨᠡᠭᠯᠡᠬᠦ ᠥᠷᠲᠡᠭᠡ ᠪᠦᠷᠢ ᠳᠤ 10 ᠴᠡᠨᠡᠭᠯᠡᠬᠦ ᠱᠣᠩ᠂ 20 ᠴᠠᠬᠢᠯᠭᠠᠨ ᠴᠡᠨᠡᠭᠯᠡᠬᠦ ᠫᠤᠤ | ᠪᠡᠯᠡᠳᠭᠡᠨ ᠲᠠᠯᠪᠢᠵᠤ᠂ 20 ᠲᠡᠷᠭᠡ ᠵᠣᠭᠰᠣᠭᠠᠬᠤ ᠪᠠᠶᠢᠷᠢ ᠬᠠᠩᠭᠠᠵᠤ᠂ ᠬᠢᠨᠠᠨ ᠡᠵᠡᠮᠳᠡᠬᠦ ᠣᠶᠤᠨᠴᠢ ᠬᠠᠮᠢᠶᠠᠷᠤᠯᠲᠠ ᠶᠢᠨ ᠰᠢᠰᠲ᠋ᠧᠮ ᠳᠣᠭᠢᠷᠠᠭᠤᠯᠵᠤ᠂ | ᠪᠣᠬᠢᠷᠲᠤᠯ ᠥᠬᠡᠶ ᠲᠡᠷᠭᠡᠨ ᠫᠠᠶᠢᠰᠠ ᠲᠠᠢ ᠮᠠᠰᠢᠨ ᠲᠡᠷᠭᠡ ᠶᠢ ᠣᠶᠤᠨᠴᠢ ᠪᠠᠷ ᠢᠯᠭᠠᠨ ᠲᠠᠨᠢᠵᠤ᠂ ᠴᠠᠬᠢᠯᠭᠠᠨ ᠴᠡᠨᠡᠭᠯᠡᠬᠦ ᠮᠠᠰᠢᠨ ᠲᠡᠷᠭᠡ ᠴᠠᠬᠢᠯᠭᠠᠨ ᠳᠦᠭᠦᠷᠳᠡᠯ᠎ᠡ | ᠴᠡᠨᠡᠭᠯᠡᠭᠰᠡᠨ ᠪᠠᠶᠢᠳᠠᠯ᠎ᠠ ᠪᠠᠨ ᠴᠠᠬᠢᠯᠭᠠᠨ ᠴᠡᠨᠡᠭᠯᠡᠬᠦ ᠲᠡᠷᠭᠡᠨ ᠪᠠᠶᠢᠷᠢ ᠶᠢ ᠣᠷᠳᠣ ᠬᠤᠭᠤᠴᠠᠭ᠎ᠠ ᠪᠠᠷ ᠡᠵᠡᠯᠡᠬᠦ ᠶᠢ ᠬᠤᠷᠢᠬᠯᠠᠨ ᠴᠠᠭᠠᠵᠠᠯᠠᠨ᠎ᠠ ᠬᠡᠪᠡ᠃ | http://mongol.people.com.cn/15833202.html |