ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠦᠷ᠎ᠡ ᠶᠢᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 — 2022 ᠣᠨ︶︾ ᠢ ᠨᠡᠶᠢᠲᠡᠯᠡᠵᠦ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠪᠠ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠷᠠᠭᠤᠯᠪᠠ
ᠨᠡᠶᠢᠲᠡᠯᠡᠭᠰᠡᠨ ᠴᠠᠭ᠄
2020/12/21
       ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ︽ᠦᠷ᠎ᠡ ᠶᠢᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 — 2022 ᠣᠨ︶︾ ᠢ ᠲᠣᠭᠲᠠᠭᠠᠵᠤ᠂ 2022 ᠣᠨ ᠪᠣᠯᠬᠤ ᠳᠤ᠂ ᠮᠠᠨ ᠤ ᠣᠷᠣᠨ ᠦᠷ᠎ᠡ ᠪᠤᠶᠢᠵᠢᠭᠤᠯᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂  ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠪᠦᠷᠢᠯᠳᠦᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠯᠦᠭᠡ ᠵᠣᠬᠢᠴᠠᠯᠳᠤᠭᠰᠠᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠥᠬᠦ ᠲᠠᠯ᠎ᠠ ᠪᠠᠷ  ᠴᠢᠩᠭᠠᠷᠠᠭᠤᠯᠬᠤ ᠪᠠᠷ ᠪᠠᠶᠢᠨ᠎ᠠ᠃      ᠲᠥᠰᠦᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠲᠠᠷᠢᠮᠠᠯ᠂ ᠮᠠᠯ ᠵᠢᠭᠦᠷᠲᠡᠨ᠂ ᠣᠶ ᠰᠢᠭᠤᠶ ᠡᠪᠡᠰᠦᠨ ᠤ ᠦᠷ᠎ᠡ ᠶᠢᠨ ᠦᠢᠯᠡᠰ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠦᠯᠦᠪᠯᠡᠵᠦ᠂ ᠡᠬᠢ ᠪᠠᠶᠠᠯᠢᠭ ᠢ ᠬᠠᠮᠠᠭᠠᠯᠠᠬᠤ᠂ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠶᠢ ᠭᠤᠤᠯᠳᠠᠯᠭ᠎ᠠ ᠲᠠᠢ ᠴᠢᠩᠭᠠᠳᠬᠠᠵᠤ᠂ ᠰᠠᠭᠠᠯᠢ ᠶᠢᠨ ᠦᠨᠢᠶ᠎ᠡ᠂ ᠢᠳᠡᠰᠢᠨ ᠦᠬᠡᠷ᠂ ᠢᠳᠡᠰᠢᠨ ᠬᠤᠨᠢ᠂ ᠨᠣᠤᠰᠣ ᠨᠣᠯᠦᠦᠷ ᠲᠤ ᠬᠡᠷᠡᠭᠯᠡᠬᠦ ᠬᠤᠨᠢ᠂ ᠡᠷᠳᠡᠨᠢ ᠰᠢᠰᠢ᠂ ᠲᠥᠮᠥᠰᠥ᠂ ᠨᠡᠷᠡᠨ  ᠬᠤᠧᠠᠷ᠂ ᠲᠡᠵᠢᠭᠡᠯ ᠡᠪᠡᠰᠦ᠂ ᠨᠤᠲᠤᠭ ᠤᠨ ᠮᠣᠳᠣᠨ ᠤ ᠲᠥᠷᠥᠯ᠂ ᠨᠤᠲᠤᠭ ᠤᠨ ᠡᠪᠡᠰᠦᠨ ᠤ ᠲᠥᠷᠥᠯ ᠵᠡᠷᠭᠡ ᠣᠷᠣᠨ ᠪᠦᠰᠡ ᠶᠢᠨ ᠳᠠᠪᠠᠭᠤᠯᠢᠭ ᠤᠨᠴᠠᠯᠢᠭᠳᠤ ᠪᠤᠳᠠᠰ ᠤᠨ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠰᠤᠳ ᠪᠣᠳᠠᠰ ᠤᠨ ᠲᠥᠷᠥᠯ ᠢ ᠬᠠᠮᠲᠤ ᠳᠤᠨᠢ ᠬᠠᠷᠠᠭᠠᠯᠵᠠᠨ᠂ ᠰᠢᠰᠲ᠋ᠧᠮ ᠲᠠᠢ ᠪᠠᠶᠢᠷᠢᠰᠢᠭᠤᠯᠵᠤ᠂ ᠡᠮᠬᠢ ᠵᠢᠷᠤᠮ ᠲᠠᠢ ᠠᠬᠢᠭᠤᠯᠤᠨ᠎ᠠ᠃ ᠡᠭᠦᠨ ᠤ ᠬᠠᠮᠲᠤ ᠪᠠᠭᠤᠷᠠᠶ ᠲᠠᠯ᠎ᠠ ᠪᠠᠨ ᠴᠢᠩᠭᠠᠷᠠᠭᠤᠯᠤᠨ᠂ ᠦᠷ᠎ᠡ ᠶᠢᠨ ᠦᠢᠯᠡᠰ ᠤᠨ ᠰᠠᠭᠤᠷᠢ ᠲᠦᠭᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠪᠠᠶᠢᠭᠤᠯᠤᠯ ᠲᠣᠭᠲᠠᠴᠠ ᠶᠢᠨ ᠳᠤᠮᠳᠠᠬᠢ ᠵᠠᠩᠭᠢᠯᠠᠭ᠎ᠠ ᠶᠢᠨ ᠠᠰᠠᠭᠤᠳᠠᠯ ᠢ  ᠰᠢᠢᠳᠪᠦᠷᠢᠯᠡᠨ᠂ ᠦᠷ᠎ᠡ ᠶᠢᠨ ᠦᠢᠯᠡᠰ ᠤᠨ ᠬᠦᠷᠢᠶᠡᠨ ᠳᠠᠬᠢ ᠬᠠᠮᠢᠶ᠎ᠠ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠡᠷᠭᠡ ᠬᠦᠴᠦᠨ ᠨᠦᠭᠦᠳ ᠤᠨ ᠰᠢᠯᠢᠳᠡᠭ ᠢ ᠨᠢ ᠰᠣᠩᠭᠤᠨ ᠳᠡᠮᠵᠢᠵᠦ᠂ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠬᠠᠮᠲᠤᠷᠠᠨ ᠪᠣᠭᠤᠮᠲᠠ ᠰᠢᠪᠲᠤᠯᠬᠤ ᠠᠵᠢᠯ ᠥᠷᠨᠢᠭᠦᠯᠦᠨ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠴᠢᠷᠮᠠᠶᠢᠨ ᠰᠢᠪᠲᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠡᠬᠢ ᠪᠠᠶᠠᠯᠢᠭ ᠢ ᠬᠠᠮᠠᠭᠠᠯᠠᠬᠤ᠂ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ᠂ ᠡᠭᠦᠯᠳᠡᠷ  ᠪᠠ ᠦᠷ᠎ᠡ  ᠶᠢᠨ ᠲᠦᠷᠦᠯ ᠢ ᠰᠢᠯᠭᠠᠬᠤ ᠪᠠ ᠦᠷ᠎ᠡ ᠶᠢᠨ ᠦᠢᠯᠡᠰ ᠤᠨ ᠦᠢᠯᠡᠳᠪᠦᠷᠢᠯᠡᠯ ᠤᠨ ᠰᠢᠰᠲ᠋ᠧᠮᠵᠢᠭᠰᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠳᠣ ᠦᠶ᠎ᠡ ᠶᠢᠨ ᠦᠷ᠎ᠡ ᠶᠢᠨ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃      2022 ᠣᠨ ᠪᠣᠯᠬᠤ ᠳᠤ᠂ ᠪᠦᠬᠦ ᠣᠷᠣᠨ ᠤ ᠣᠳᠣ ᠦᠶ᠎ᠡ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠲᠣᠪᠤᠶᠢᠮ᠎ᠠ ᠦᠷ᠎ᠡ ᠪᠦᠲᠦᠮᠵᠢ ᠣᠯᠵᠤ᠂ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠴᠢᠳᠠᠪᠤᠷᠢ ᠶᠢ ᠢᠯᠡᠷᠬᠡᠶ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠰᠢᠨ᠎ᠡ ᠦᠷ᠎ᠡ ᠵᠢᠴᠢ ᠲᠥᠬᠦᠷᠵᠢᠭᠰᠡᠨ ᠤᠳᠤᠮ ᠢ ᠪᠤᠶᠢᠵᠢᠭᠤᠯᠤᠨ᠎ᠠ᠃ ᠭᠤᠤᠯ ᠪᠣᠯᠬᠤ ᠲᠠᠷᠢᠮᠠᠯ ᠤᠨ ᠵᠦᠢᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ 98 % ᠠᠴᠠ ᠳᠡᠭᠡᠭᠰᠢ ᠳᠤ  ᠪᠠᠶᠢᠯᠭᠠᠬᠤ ᠶᠢ ᠲᠤᠬᠳᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠮᠠᠨ ᠤ ᠣᠷᠣᠨ ᠤ ᠲᠠᠷᠢᠬᠤ ᠳᠤ ᠲᠣᠬᠢᠷᠠᠬᠤ ᠴᠢᠨᠠᠷ ᠰᠠᠶᠢᠲᠠᠶ ᠰᠢᠨ᠎ᠡ ᠦᠷ᠎ᠡ ᠶᠢᠨ ᠲᠦᠷᠦᠯ ᠵᠦᠢᠯ ᠢ 15 ᠠᠴᠠ ᠳᠡᠭᠡᠭᠰᠢ ᠪᠤᠶᠢᠵᠢᠭᠤᠯᠵᠤ᠂ ᠰᠠᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 100 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠲᠤᠬᠳᠠᠪᠤᠷᠢᠵᠢᠭᠤᠯᠵᠤ᠂ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠤᠬᠰᠠᠨ ᠦᠷ᠎ᠡ ᠶᠢ ᠬᠡᠷᠡᠭᠯᠡᠬᠦ ᠪᠦᠷᠬᠦᠴᠡ ᠶᠢᠨ ᠨᠣᠷᠮ᠎ᠠ ᠶᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠦᠨ᠎ᠡ᠃ ᠰᠠᠶᠢᠨ ᠡᠭᠦᠯᠳᠡᠷ ᠪᠤᠶᠢᠵᠢᠭᠤᠯᠬᠤ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠶᠢ 13 ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠳᠤ ᠡᠮᠦᠨ᠎ᠡ 100 ᠨᠡᠷᠡᠰ ᠤᠨ ᠳᠣᠲᠣᠷᠠᠬᠢ ᠬᠤᠯᠰᠲ᠋ᠧᠢᠢᠨ ᠪᠣᠯᠤᠨ ᠰᠢᠮᠧᠨ᠋ᠳᠡᠷ ᠰᠢᠯᠢᠳᠡᠭ ᠡᠭᠦᠯᠳᠡᠷ ᠤᠨ ᠪᠤᠬ᠎ᠠ ᠶᠢ ᠴᠥᠮ 30 ᠲᠤᠯᠤᠭᠠᠢ ᠠᠴᠠ ᠳᠡᠭᠡᠭᠰᠢ ᠪᠠᠶᠢᠯᠭᠠᠬᠤ ᠶᠢ ᠲᠤᠬᠳᠠᠪᠤᠷᠢᠵᠢᠭᠤᠯᠵᠤ᠂ ᠰᠠᠶᠢᠨ ᠡᠭᠦᠯᠳᠡᠷ ᠤᠨ ᠢᠳᠡᠰᠢᠨ ᠬᠤᠨᠢ ᠶᠢᠨ ᠵᠢᠯ ᠳᠤ ᠡᠭᠦᠯᠳᠡᠷ ᠬᠠᠩᠭᠠᠬᠤ ᠴᠢᠳᠠᠪᠤᠷᠢ ᠶᠢ 20 ᠲᠦᠮᠡ ᠠᠴᠠ ᠳᠡᠭᠡᠭᠰᠢ ᠪᠠᠶᠢᠯᠭᠠᠨ᠎ᠠ᠃ ᠣᠶ ᠮᠣᠳᠣᠨ ᠤ ᠰᠠᠶᠢᠨ ᠦᠷ᠎ᠡ ᠤᠨ ᠬᠡᠷᠡᠭᠯᠡᠯᠲᠡ ᠶᠢᠨ ᠨᠣᠷᠮ᠎ᠠ ᠶᠢ 65 % ᠳᠤ ᠬᠦᠷᠦᠭᠦᠯᠵᠦ᠂ ᠨᠤᠲᠤᠭ ᠤᠨ ᠰᠠᠶᠢᠨ ᠮᠣᠳᠣᠨ ᠤ ᠲᠥᠷᠥᠯ ᠵᠦᠢᠯ ︵ᠲᠥᠷᠥᠯ ᠵᠦᠢᠯ︶ ᠢ 30 ᠠᠴᠠ ᠳᠡᠭᠡᠭᠰᠢ ᠶᠢ ᠰᠣᠩᠭᠤᠨ ᠪᠤᠶᠢᠵᠢᠭᠤᠯᠵᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠳᠤ ᠪᠠᠴᠢᠮ ᠬᠡᠷᠡᠭᠰᠡᠬᠦ ᠨᠤᠲᠤᠭ ᠤᠨ ᠡᠪᠡᠰᠦᠨ ᠤ ᠲᠥᠷᠥᠯ ︵ᠲᠥᠷᠥᠯ ᠵᠦᠢᠯ︶ ᠢ 30 ᠠᠴᠠ ᠳᠡᠭᠡᠭᠰᠢ ᠰᠣᠩᠭᠤᠨ ᠪᠤᠶᠢᠵᠢᠭᠤᠯᠵᠤ᠂ 6 ᠲᠦᠮᠡᠨ ᠮᠦ ᠲᠠᠯᠠᠪᠠᠢ ᠪᠦᠬᠦᠢ ᠣᠶ ᠮᠣᠳᠣ ᠡᠪᠡᠰᠦᠨ ᠤ ᠰᠠᠶᠢᠨ ᠦᠷ᠎ᠡ ᠶᠢᠨ ᠰᠠᠭᠤᠷᠢᠨ ᠭᠠᠵᠠᠷ ᠪᠣᠯᠤᠨ 13 ᠲᠦᠮᠡᠨ ᠮᠦ ᠲᠠᠯᠠᠪᠠᠢ ᠪᠦᠬᠦᠢ ᠣᠶ ᠮᠣᠳᠣ ᠡᠪᠡᠰᠦ ᠲᠠᠷᠢᠵᠤ ᠦᠷ᠎ᠡ ᠬᠤᠷᠢᠶᠠᠨ ᠠᠪᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃  ᠲᠡᠵᠢᠭᠡᠯ ᠡᠪᠡᠰᠦᠨ ᠤ ᠦᠷ᠎ᠡ ᠶᠢᠨ ᠰᠠᠭᠤᠷᠢ ᠦᠢᠯᠡᠳᠪᠦᠷᠢᠯᠡᠯ ᠤᠨ ᠰᠠᠭᠤᠷᠢᠨ ᠭᠠᠵᠠᠷ ᠢ 20 ᠪᠠᠶᠢᠭᠤᠯᠵᠤ᠂ ᠲᠡᠵᠢᠭᠡᠯ ᠡᠪᠡᠰᠦᠨ ᠤ ᠰᠢᠨ᠎ᠡ ᠦᠷ᠎ᠡ ᠶᠢᠨ ᠲᠦᠷᠦᠯ ᠵᠦᠢᠯ ᠢ 10 ᠠᠴᠠ ᠳᠡᠭᠡᠭᠰᠢ  ᠪᠤᠶᠢᠵᠢᠭᠤᠯᠬᠤ ᠪᠤᠯᠤᠨ᠎ᠠ᠃http://mongol.people.com.cn/15833201.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ