︽ᠳᠤᠯᠠᠭᠠᠬᠠᠨ︾ ᠡᠪᠦᠯ ᠤᠨ ᠲᠤᠶᠢᠯ 
ᠨᠡᠶᠢᠲᠡᠯᠡᠭᠰᠡᠨ ᠴᠠᠭ᠄
2020/12/22
     ︽ᠡᠪᠦᠯ ᠤᠨ ᠲᠤᠶᠢᠯ ᠪᠣᠯᠵᠤ ᠨᠢᠭᠡ ᠵᠢᠯ ᠤᠨ ᠬᠠᠮᠤᠭ ᠤᠨ ᠬᠦᠢᠲᠡᠨ ᠴᠠᠭ ᠲᠤ ᠣᠷᠤᠯ᠎ᠠ᠂ ᠬᠡᠳᠦᠶᠢᠪᠡᠷ ᠠᠭᠤᠷ ᠠᠮᠢᠰᠬᠤᠯ ᠬᠦᠢᠲᠡᠷᠡᠭᠰᠡᠨ ᠪᠣᠯᠪᠠᠴᠤ ᠰᠠᠶ᠋ᠢ ᠲᠣᠭᠤᠭᠠᠨ ᠠᠴᠠ ᠭᠠᠷᠭᠠᠭᠰᠠᠨ ᠪᠠᠩᠰᠢ ᠢᠳᠡᠬᠦ ᠳᠤ ᠣᠯᠠᠨ ᠤ ᠰᠡᠳᠬᠢᠯ ᠳᠤᠯᠠᠭᠠᠬᠠᠨ᠃︾ 12 ᠳ᠋ᠤᠭᠠᠷ ᠰᠠᠷ᠎ᠠ ᠶᠢᠨ 21 ᠤ ᠡᠳᠦᠷ᠂ ᠢᠦᠢ ᠴᠢᠣᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯᠲᠠᠳ ᠪᠠ ᠰᠠᠶᠢᠨ ᠳᠤᠷ᠎ᠠ ᠶᠢᠨ ᠠᠵᠢᠯᠲᠠᠳ ᠰᠠᠶ᠋ᠢ ᠲᠣᠭᠤᠭᠠᠨ ᠠᠴᠠ ᠭᠠᠷᠭᠠᠭᠰᠠᠨ ᠪᠠᠩᠰᠢ ᠶᠢ ᠫᠢᠯᠠ ᠲᠦᠭᠦᠷᠡᠩ ᠰᠠᠪᠠᠯᠠᠵᠤ᠂ ᠶᠡᠭᠡ ᠵᠣᠣ ᠶᠢᠨ ᠰᠦᠮ᠎ᠡ ᠶᠢᠨ ᠦᠵᠡᠮᠵᠢ ᠶᠢᠨ ᠭᠠᠵᠠᠷ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠦᠵᠡᠮᠵᠢ ᠶᠢᠨ ᠭᠠᠵᠠᠷ ᠤᠨ ᠠᠮᠤᠷ ᠢ ᠬᠠᠮᠠᠭᠠᠯᠠᠭᠴᠢ᠂ ᠵᠠᠮ ᠬᠠᠷᠢᠯᠴᠠᠭᠠᠨ ᠤ ᠴᠠᠭᠳᠠᠭ᠎ᠠ ᠪᠣᠯᠣᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠲᠤ  ᠬᠦᠷᠭᠡᠵᠦ᠂ ᠶᠠᠭᠠᠷᠠᠯᠲᠠᠢ ᠠᠵᠢᠯ ᠤᠨ ᠳᠤᠮᠳᠠ ᠨᠢ ᠬᠠᠯᠠᠭᠤᠨ ᠳᠤᠯᠠᠭᠠᠨ ᠢ ᠬᠦᠷᠭᠡᠵᠦ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号