ᠥᠪᠥᠷ ᠮᠣᠩᠭᠤᠯ 2 ᠵᠢᠯ ᠳᠤ ᠬᠤᠲᠠ ᠪᠠᠯᠭᠠᠰᠤᠨ ᠤ 1870 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠪᠡ
ᠨᠡᠶᠢᠲᠡᠯᠡᠭᠰᠡᠨ ᠴᠠᠭ᠄
2020/12/22
     ᠰᠢᠨᠬᠤᠸᠠ ᠰᠦᠯᠵᠢᠶ᠎ᠡ ᠶᠢᠨ ᠬᠥᠬᠡᠬᠤᠲᠠ ᠶᠢᠨ 12 ᠰᠠᠷ᠎ᠠ ᠶᠢᠨ 19 ᠤ ᠡᠳᠦᠷ ᠤᠨ ᠮᠡᠳᠡᠭᠡ ︵ᠶᠠᠩ ᠲᠩᠷᠢ︶ 18 ᠤ ᠡᠳᠦᠷ᠂ ᠰᠢᠨᠬᠤᠸᠠ ᠰᠦᠯᠵᠢᠶ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠬᠤᠶᠠᠷ ᠵᠢᠯ ᠳᠤ᠂ ᠥᠪᠥᠷ ᠮᠣᠩᠭᠤᠯ ᠬᠤᠲᠠ ᠪᠠᠯᠭᠠᠰᠤᠨ ᠤ 1870 ᠬᠠᠭᠤᠴᠢᠨ ᠰᠠᠭᠤᠭᠠᠯᠢ ᠲᠣᠭᠤᠷᠢᠭ ᠤᠨ 25.1 ᠲᠦᠮᠡᠨ ᠡᠷᠦᠬᠡ ᠶᠢ ᠥᠭᠡᠷᠡᠴᠢᠯᠡᠨ ᠰᠢᠨᠡᠳᠭᠡᠪᠡ᠃ ᠡᠨᠡ ᠵᠢᠯ ᠤᠨ 11 ᠰᠠᠷ᠎ᠠ ᠶᠢᠨ ᠰᠡᠭᠦᠯᠴᠢ ᠪᠣᠯᠲᠠᠯ᠎ᠠ᠂ 2019 ᠣᠨ ᠤ ᠥᠭᠡᠷᠡᠴᠢᠯᠡᠨ ᠰᠢᠨᠡᠳᠬᠡᠬᠦ ᠲᠥᠯᠥᠪᠯᠡᠭᠡ ᠶᠢᠨ ᠡᠭᠦᠷᠭᠡ ᠶᠢ ᠪᠦᠬᠦᠨ ᠢ ᠪᠡᠶᠡᠯᠡᠭᠦᠯᠵᠦ᠂ 21.59 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ 2020 ᠣᠨ ᠤ ᠥᠭᠡᠷᠡᠴᠢᠯᠡᠨ ᠰᠢᠨᠡᠳᠬᠡᠬᠦ ᠲᠥᠯᠥᠪᠯᠡᠭᠡ ᠶᠢᠨ ᠡᠭᠦᠷᠭᠡ ᠶᠢ ᠪᠦᠬᠦᠨ ᠢ ᠠᠵᠢᠯ ᠡᠬᠢᠯᠡᠭᠦᠯᠵᠦ᠂ ᠨᠢᠭᠡᠨᠲᠡ 6.8 ᠲᠦᠮᠡᠨ ᠡᠷᠦᠬᠡ ᠶᠢᠨ ᠪᠠᠷᠢᠯᠭ᠎ᠠ ᠶᠢ ᠳᠠᠭᠤᠰᠬᠠᠵᠤ᠂ ᠪᠠᠷᠢᠯᠭ᠎ᠠ ᠲᠠᠭᠤᠰᠬᠠᠬᠰᠠᠨ ᠨᠣᠷᠮ᠎ᠠ ᠨᠢ 52.6% ᠳᠤ ᠬᠦᠷᠴᠦ᠂ 15.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠪᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠰᠠ 14 ᠲᠡᠭᠦᠯᠳᠡᠷᠵᠢᠭᠦᠯᠬᠦ ᠲᠥᠷᠥᠯ᠂ ᠳᠡᠭᠡᠭᠰᠢᠯᠡᠭᠦᠯᠬᠦ ᠲᠥᠷᠥᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠰᠣᠩᠭᠤᠵᠤ᠂ 1 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠲᠣᠬᠢᠷᠠᠭᠤᠯᠤᠨ ᠭᠤᠤᠯᠳᠠᠯᠭ᠎ᠠ ᠲᠠᠢ ᠳᠡᠮᠵᠢᠵᠦ᠂ ᠨᠢᠭᠡ ᠪᠦᠯᠦᠭ ᠬᠡᠷᠡᠭᠵᠢᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠠᠷᠭ᠎ᠠ ᠲᠤᠷᠰᠢᠯᠭ᠎ᠠ ᠶᠢ ᠪᠦᠷᠢᠯᠳᠦᠭᠦᠯᠪᠡ᠃ ᠵᠢᠱᠢᠶᠡᠯᠡᠪᠡᠯ ᠤᠯᠠᠭᠠᠨᠴᠠᠪ ᠬᠤᠲᠠ ᠶᠢᠨ ︽ᠲᠠᠷᠠᠬᠠᠢ ᠪᠤᠳᠠᠷᠬᠠᠢ ᠪᠠᠷ ᠥᠭᠡᠷᠡᠴᠢᠯᠡᠡ ᠰᠢᠨᠡᠳᠭᠡᠵᠦ ᠪᠠᠶᠢᠬᠰᠠᠨ ᠢ ᠬᠡᠰᠡᠭ ᠪᠦᠯᠦᠭ ᠢᠶᠠᠷ ᠥᠭᠡᠷᠡᠴᠢᠯᠡᠡ ᠰᠢᠨᠡᠳᠭᠡᠭᠦ︾ ᠪᠤᠯᠭᠠᠵᠤ᠂ ᠡᠯ᠎ᠡ ᠵᠦᠢᠯ ᠤᠨ ᠡᠬᠢ ᠪᠠᠶᠠᠯᠢᠭ ᠢ ᠲᠡᠩᠴᠡᠭᠦᠷᠢᠲᠡᠶ ᠳᠣᠭᠢᠷᠠᠭᠤᠯᠵᠤ᠂ ︽ᠪᠦᠷᠢᠨ ᠪᠦᠲᠦᠨ ᠨᠡᠶᠢᠭᠡᠮ ᠲᠣᠭᠤᠷᠢᠭ︾᠂ ︽15 ᠮᠢᠨᠦ᠋ᠲ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ ᠪᠠᠶᠢᠭᠤᠯᠪᠠ︔ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠬᠢᠨᠠᠨ ᠵᠥᠪᠰᠢᠶᠡᠷᠡᠵᠦ ᠠᠬᠢᠭᠤᠯᠬᠤ ᠬᠤᠷᠠᠯ ᠬᠤᠷᠠᠯᠳᠤᠭᠤᠯᠪᠠ︔ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠲᠠᠩ ᠢᠷᠡᠯᠲᠡ ᠪᠠᠷ ᠬᠤᠳᠠᠯᠳᠤᠨ ᠠᠪᠬᠤ ᠠᠷᠭ᠎ᠠ ᠶᠢ ᠠᠪᠴᠤ᠂ ᠲᠥᠰᠦᠪ ᠤᠨ 20% ᠠᠴᠠ ᠳᠣᠤᠷ᠎ᠠ ᠵᠠᠷᠤᠳᠠᠯ ᠢᠶᠠᠷ ᠥᠭᠡᠷᠡᠴᠢᠯᠡᠨ ᠰᠢᠨᠡᠳᠭᠡᠭᠦ ᠢᠨᠵᠧᠨᠧᠷᠢᠩ ᠢ ᠲᠤᠰᠬᠠᠶ ᠡᠵᠡᠩᠨᠡᠯᠲᠡ ᠶᠢᠨ ᠨᠢᠭᠡᠴᠡ ᠳᠤ ᠲᠤᠰᠢᠶᠠᠨ ᠥᠭᠴᠦ ᠬᠢᠯᠭᠡᠵᠦ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠥᠮᠴᠢᠯᠡᠬᠦ ᠡᠷᠬᠡ ᠵᠢᠴᠢ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠪᠠᠨ ᠲᠤᠰᠬᠠᠶ ᠡᠵᠡᠩᠨᠡᠯᠲᠡ ᠶᠢᠨ ᠨᠢᠭᠡᠴᠡ ᠳᠤ ᠰᠢᠯᠵᠢᠭᠦᠯᠦᠨ ᠲᠤᠰᠢᠶᠠᠵᠤ᠂ ᠭᠠᠷᠳᠠᠮ ᠨᠢ ᠲᠦᠷᠭᠡᠨ᠂ ᠥᠪᠡᠷ ᠤᠨ ᠥᠷᠲᠡᠭ ᠨᠢ ᠳᠣᠤᠷ᠎ᠠ᠂ ᠰᠡᠭᠦᠯᠴᠢ ᠶᠢᠨ ᠬᠤᠭᠤᠴᠠᠭᠠᠨ ᠳᠤ ᠬᠠᠮᠠᠭᠠᠯᠠᠵᠤ ᠪᠣᠯᠬᠤ ᠣᠯᠠᠨ ᠵᠦᠢᠯ ᠤᠨ ᠰᠠᠶᠢᠨ ᠰᠠᠶᠢᠬᠠᠨ ᠦᠷ᠎ᠡ ᠪᠦᠲᠦᠮᠵᠢ ᠤᠯᠬᠤ ᠶᠢ ᠪᠡᠶᠡᠯᠡᠭᠦᠯᠪᠡ᠃      ᠪᠠᠯᠠ ᠮᠥᠩᠭᠦ ᠶᠢᠨ ᠲᠠᠯ᠎ᠠ ᠪᠠᠷ᠂ 2019 ᠣᠨ ᠠᠴᠠ 2020 ᠣᠨ ᠪᠣᠯᠲᠠᠯ᠎ᠠ᠂ ᠥᠪᠥᠷ ᠮᠣᠩᠭᠤᠯ ᠨᠡᠶᠢᠲᠡ 39.7 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠡᠭᠦᠨ ᠳᠤ 2020 ᠣᠨ ᠳᠤ 22.8 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ 16.9 ᠳ᠋ᠦᠩᠰᠢᠭᠤᠷ ᠲᠥᠭᠦᠷᠢᠭ ᠠᠴᠠ 35%  ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠲᠤᠰᠬᠠᠶ ᠵᠢᠭᠡᠯᠡᠯᠭᠡ ᠶᠢᠨ ᠬᠡᠷᠡᠭᠯᠡᠬᠦ ᠬᠡᠪᠴᠢᠶ᠎ᠡ ᠶᠢ ᠴᠦ ᠨᠢᠭᠡᠨᠲᠡ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠬᠦᠷᠲᠡᠯ᠎ᠠ ᠦᠷᠭᠡᠳᠭᠡᠵᠡᠢ᠃ ᠣᠳᠣᠬᠠᠨ ᠪᠣᠯᠲᠠᠯ᠎ᠠ᠂ ᠥᠪᠥᠷ ᠮᠣᠩᠭᠤᠯ ᠨᠢᠭᠡᠨᠲᠡ 9.5 ᠳ᠋ᠦᠩᠰᠢᠭᠤᠷ ᠲᠥᠭᠦᠷᠢᠭ ᠤᠨ ᠰᠢᠨ᠎ᠡ ᠪᠠᠷ ᠨᠡᠮᠡᠭᠳᠡᠭᠰᠡᠨ ᠲᠤᠰᠬᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠭᠡᠭᠦ ᠳᠤ ᠬᠡᠷᠡᠭᠯᠡᠪᠡ᠃      ᠲᠠᠷᠠᠭᠠᠴᠢ ᠶᠢᠨ ᠱᠠᠲᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠤᠨ ᠲᠤᠬᠠᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ︽ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠳᠤ᠂ 2020 ᠣᠨ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠷᠦᠭᠦᠦ ᠭᠤᠷᠪᠠᠨ ᠵᠢᠯ ᠪᠣᠯᠲᠠᠯ᠎ᠠ᠂ 2000 ᠣᠨ ᠠᠴᠠ ᠡᠮᠦᠨ᠎ᠡ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠭᠤᠤᠯᠳᠠᠯᠭ᠎ᠠ ᠲᠠᠢ ᠥᠭᠡᠷᠡᠴᠢᠯᠡᠨ ᠰᠢᠨᠡᠳᠬᠡᠨ᠎ᠠ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠶᠠᠷ ᠵᠢᠯ ᠳᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠭᠤᠣᠯᠳᠠᠯᠭ᠎ᠠ ᠲᠠᠢ ᠦᠭᠡᠷᠡᠴᠢᠯᠡᠨ ᠰᠢᠨᠡᠳᠭᠡᠨ᠎ᠡ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠭᠡᠭᠦ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ ᠭᠡᠵᠦ ᠲᠤᠬᠳᠠᠭᠠᠪᠠ᠃http://mongol.people.com.cn/15833321.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号