︽ᠳᠠᠯᠠᠨ ᠬᠠᠷ᠎ᠠ ᠠᠭᠤᠯᠠ ᠶᠢᠨ ᠲᠤᠤᠷᠠᠭᠢ ᠲᠦᠮᠡᠳ︾ — ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠶ ᠲᠣᠭᠯᠠᠯᠲᠠ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/12/22
      ᠰᠢᠨᠬᠤᠸᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠴᠦᠨ ᠶᠠᠨ︶ ︽ᠳᠠᠯᠠᠨ ᠬᠠᠷ᠎ᠠ ᠠᠭᠤᠯᠠ ᠶᠢᠨ ᠲᠤᠤᠷᠠᠭᠢ ᠲᠦᠮᠡᠳ︾ — ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠶ ᠲᠣᠭᠯᠠᠯᠲᠠ ᠲᠡᠭᠡᠷ᠎ᠠ ᠭᠠᠷᠠᠭ ᠤᠨ ᠰᠡᠭᠦᠯᠴᠢ ᠪᠠᠷ ᠬᠥᠬᠡᠬᠤᠲᠠ ᠳᠤ ᠶᠠᠪᠤᠭᠳᠠᠪᠠ᠃ ᠲᠤᠰ ᠤᠳᠠᠭᠠᠨ ᠤ ᠲᠣᠭᠯᠠᠯᠲᠠ ᠨᠢ ᠮᠥᠨ ᠴᠦ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠲᠣᠭᠯᠠᠯᠲᠠ ᠶᠢᠨ ᠤᠯᠠᠷᠢᠯ ᠤᠨ ᠠᠵᠢᠯᠯᠠᠭ᠎ᠠ ᠶᠢᠨ ᠨᠢᠭᠡ ᠪᠣᠯᠤᠨ᠎ᠠ᠃      ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠲᠣᠭᠯᠠᠯᠲᠠ ᠶᠢᠨ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ︽ᠥᠪᠥᠷ ᠮᠣᠩᠭᠤᠯ ᠤᠨ ᠳᠠᠭᠤᠤ ᠬᠥᠭᠵᠢᠮ︾ ᠤᠨ ᠲᠦᠷᠦᠯ ᠲᠡᠮᠳᠡᠭ ᠢ ᠡᠭᠦᠳᠦᠨ᠂ ᠲᠤᠬᠯᠠᠬᠴᠢᠳ ᠲᠤ ᠦᠵᠡᠭᠦᠯᠦᠯᠭᠡ ᠶᠢᠨ ᠲᠠᠪᠴᠠᠩ ᠬᠠᠩᠭᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠰᠣᠶᠣᠯᠳᠤ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠤᠰᠠᠳᠠ ᠡᠷᠬᠢᠯᠡᠭᠰᠡᠨ ᠨᠡᠶᠢᠲᠡ ᠶᠢᠨ ᠠᠰᠠᠷᠠᠮᠵᠢ ᠶᠢᠨ ᠲᠣᠭᠯᠠᠯᠲᠠ ᠶᠢᠨ ᠠᠵᠢᠯᠯᠠᠭ᠎ᠠ ᠪᠣᠯᠤᠨ᠎ᠠ᠃ ᠲᠣᠰ ᠤᠳᠠᠭᠠᠨ ᠤ ︽ᠲᠠᠯ᠎ᠠ ᠨᠤᠲᠤᠭ ᠤᠨ ᠲᠠᠭᠤᠤ ᠬᠥᠭᠵᠢᠮ ᠤᠨ ᠭᠠᠷᠠᠭ ᠤᠨ ᠰᠡᠭᠦᠯᠴᠢ︾ ᠲᠣᠭᠯᠠᠯᠲᠠ ᠳᠤ ︽ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠶ ᠲᠠᠯᠠᠪᠠᠶ︾᠂ ︽ᠪᠠᠭᠰᠢ ᠰᠤᠷᠤᠭᠴᠢᠳ ᠤᠨ ᠨᠠᠶᠢᠷᠠᠯ ᠲᠠᠭᠤᠤ ᠶᠢᠨ ᠬᠡᠤᠬᠡᠳ ᠤᠨ ᠲᠤᠰᠬᠠᠶ ᠲᠠᠯᠠᠪᠠᠶ︾᠂ ︽ᠦᠤᠰᠢᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠶ ᠲᠠᠯᠠᠪᠠᠶ︾᠂ ︽ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠢᠨ᠎ᠡ ᠵᠢᠯ ᠤᠨ ᠲᠠᠭᠤᠤ ᠶᠢᠨ ᠴᠤᠭᠯᠠᠭᠠᠨ︾ ᠵᠡᠷᠭᠡ 6 ᠲᠠᠯᠠᠪᠠᠶ ᠲᠣᠭᠯᠠᠯᠲᠠ ᠭᠠᠷᠭᠠᠵᠠᠶ᠃      ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ 1971 ᠣᠨ ᠳᠤ ᠪᠠᠶᠢᠭᠤᠯᠤᠬᠳᠠᠨ᠂ 1991 ᠣᠨ ᠳᠤ ᠵᠠᠳᠠᠷᠠᠵᠤ᠂ 2008 ᠣᠨ ᠤ 4 ᠰᠠᠷ᠎ᠠ ᠳᠤ ᠰᠡᠷᠭᠦᠭᠡᠨ ᠪᠠᠶᠢᠭᠤᠯᠵᠠᠢ᠃ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠬᠢᠨ ︽ᠮᠣᠩᠭᠤᠯ ᠦᠨᠳᠦᠰᠦᠲᠡᠨ ᠤ ᠲᠠᠭᠤᠤ ᠪᠥᠵᠢᠭ ᠤᠨ ᠣᠨᠴᠠᠯᠢᠭᠲᠤ ᠤᠳᠬ᠎ᠠ ᠤᠷᠠᠯᠢᠭ ᠤᠨ ᠪᠦᠯᠬᠦᠮ︾ ᠤᠨ ᠱᠤᠭᠤᠮ ᠢᠶᠠᠷ ᠶᠠᠪᠤᠬᠤ ᠶᠢ ᠲᠣᠳᠣᠷᠬᠠᠶ ᠲᠣᠭᠲᠠᠭᠠᠪᠠ᠃ ᠲᠤᠬᠯᠠᠯᠳᠠ ᠶᠢᠨ ᠬᠡᠪ ᠨᠠᠮᠪᠠ ᠨᠢ ᠠᠷᠠᠳ ᠤᠨ ᠲᠠᠭᠤᠤ᠂ ᠤᠷᠲᠤ ᠶᠢᠨ ᠲᠠᠭᠤᠤ᠂ ᠪᠥᠵᠢᠭ᠂ ᠬᠥᠭᠡᠮᠡᠶ᠂ ᠮᠣᠷᠢᠨ ᠬᠤᠭᠤᠷ ᠵᠡᠷᠭᠡ ᠡᠯ᠎ᠡ ᠵᠦᠢᠯ ᠤᠨ ᠮᠣᠩᠭᠤᠯ ᠦᠨᠳᠦᠰᠦᠲᠡᠨ ᠤ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠪᠠᠷ ᠭᠤᠤᠯ ᠪᠤᠯᠭᠠᠵᠠᠢ᠃      ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ︽ᠵᠣᠬᠢᠶᠠᠨ ᠪᠦᠲᠦᠭᠡᠬᠦ︾ ᠪᠠ ︽ᠰᠢᠨ᠎ᠡ ᠶᠢ ᠡᠭᠦᠳᠬᠦ︾ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠤᠳᠬ᠎ᠠ ᠤᠷᠠᠯᠢᠭ ᠤᠨ ᠠᠩᠬᠠᠨ ᠤ ᠡᠭᠦᠳᠦᠯᠲᠡ ᠶᠢᠨ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ ᠦᠪᠡᠰᠦᠪᠡᠨ ᠨᠠᠶᠢᠷᠠᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠪᠠ ᠤᠯᠠᠮᠵᠢᠯᠠᠯᠲᠤ ᠪᠥᠵᠢᠭ ᠢᠶᠠᠷ ᠲᠦᠮᠡᠳ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠡᠴᠡᠭᠯᠡᠨ ᠬᠥᠭᠵᠢᠭᠰᠡᠨ᠂ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠭ᠎ᠠ ᠠᠮᠢᠳᠤᠯᠢᠭ ᠥᠯᠢᠭᠡᠷ ᠢ ᠲᠣᠭᠠᠴᠢᠪᠠ᠃ ᠦᠨᠳᠦᠰᠦᠲᠡᠨ ᠤ ᠠᠷᠠᠳ ᠤᠨ ᠰᠣᠶᠣᠯ ᠳᠠᠬᠢ ᠡᠯᠪᠡᠭ ᠪᠠᠶᠠᠯᠢᠭ ᠰᠢᠮ᠎ᠡ ᠲᠡᠵᠢᠭᠡᠯ ᠢ ᠥᠷᠭᠡᠨ ᠢᠶᠠᠷ ᠰᠢᠩᠭᠡᠭᠡᠨ ᠠᠪᠴᠤ᠂ ᠲᠦᠮᠡᠳ ᠵᠡᠭᠦᠨ ᠬᠤᠰᠢᠭᠤᠨ ᠤ ᠲᠡᠤᠬᠡ ᠰᠣᠶᠣᠯ᠂ ᠬᠤᠪᠢᠰᠬᠠᠯᠲᠤ ᠵᠣᠷᠢᠭ ᠰᠠᠨᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠮᠣᠩᠭᠤᠯ ᠦᠨᠳᠦᠰᠦᠲᠡᠨ ᠤ ᠲᠠᠭᠤᠤ ᠪᠥᠵᠢᠭ ᠤᠨ ᠤᠷᠠᠯᠢᠭ ᠤᠨ ᠬᠡᠯᠪᠡᠷᠢ ᠶᠢ ᠠᠭᠤᠰᠤᠯᠴᠠᠭᠤᠯᠵᠤ᠂ ᠲᠦᠮᠡᠳ ᠵᠡᠭᠦᠨ ᠬᠤᠰᠢᠭᠤᠨ ᠤ ᠢᠯᠡ ᠲᠣᠳᠣ ᠣᠨᠴᠠᠯᠢᠭ ᠲᠠᠢ᠂ ᠦᠨᠳᠦᠰᠦᠨ ᠱᠠᠲᠤᠨ ᠤ ᠲᠣᠭᠯᠠᠯᠲᠠ ᠳᠤ ᠳᠣᠭᠢᠷᠠᠬᠤ ᠤᠳᠬ᠎ᠠ ᠤᠷᠠᠯᠢᠭ ᠤᠨ ᠵᠦᠴᠦᠭᠡ ︵ᠫᠷᠤᠭ᠍ᠷᠠᠮ︶ ᠶᠢ ᠵᠤᠬᠢᠶᠠᠨ ᠪᠦᠲᠦᠭᠡᠪᠡ᠃      ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠨᠢ ᠣᠳᠣ ᠨᠢᠬᠡᠨᠲᠡ ᠳᠠᠭᠤᠤ ᠪᠥᠵᠢᠭ ︽ᠲᠦᠮᠡᠳ ᠤᠨ ᠨᠤᠲᠤᠭ︾᠂ ᠪᠥᠵᠢᠭ ︽ᠲᠦᠮᠡᠳ ᠤᠨ ᠨᠠᠭᠠᠳᠤᠮ︾᠂ ᠳᠠᠭᠤᠤ ︽ᠬᠥᠬᠡ ᠲᠩᠷᠢ︾ ᠶᠢ ᠵᠣᠬᠢᠶᠠᠨ ᠨᠠᠶᠢᠷᠠᠭᠤᠯᠵᠤ᠂ ᠲᠦᠮᠡᠳ ᠤᠨ ᠤᠷᠲᠤ ᠶᠢᠨ ᠳᠠᠭᠤᠤ ︽ᠡᠭᠦᠯᠡᠩᠬᠤᠸᠠᠷ︾᠂ ︽ᠰᠢᠷᠭ᠎ᠠ ᠮᠣᠷᠢ︾᠂ ᠢᠵᠠᠭᠤᠷ ᠬᠥᠭᠵᠢᠮ ᠤᠨ ᠨᠠᠶᠢᠷᠠᠯ ︽ᠠᠯᠲᠠᠨ ᠬᠠᠭᠠᠨ ᠤ ᠮᠠᠭᠲᠠᠭᠠᠯ︾᠂ ᠨᠠᠶᠢᠷᠠᠯ ᠬᠥᠭᠵᠢᠮ ︽ᠪᠣᠷᠵᠢᠭᠢᠨᠲᠠᠯ᠎ᠠ︾ ᠵᠡᠷᠭᠡ 30 ᠭᠠᠷᠤᠢ ᠰᠢᠨ᠎ᠡ ᠲᠤᠬᠯᠠᠯᠳᠠ ᠶᠢ ᠵᠤᠬᠢᠶᠠᠨ ᠪᠦᠲᠦᠭᠡᠵᠦ᠂ ᠳᠠᠭᠤᠤ ᠪᠥᠵᠢᠭᠲᠦ ᠵᠦᠴᠦᠭᠡ ︽ᠲᠦᠮᠡᠳ ᠤᠨ ᠬᠤᠷᠢᠮ︾ ᠢ ᠴᠤ ᠶᠠᠭᠠᠷᠠᠯᠲᠠᠢ ᠪᠡᠯᠡᠳᠬᠡᠵᠦ᠂ ᠲᠦᠮᠡᠳ ᠵᠡᠭᠦᠨ ᠬᠤᠰᠢᠭᠤᠨ ᠤ ᠳᠠᠭᠤᠤ ᠬᠥᠭᠵᠢᠮ ᠤᠨ ᠤᠳᠬ᠎ᠠ ᠤᠷᠠᠯᠢᠭ ᠤᠨ ᠰᠢᠡᠵᠢ ᠲᠡᠮᠳᠡᠭ ᠢ ᠬᠦᠴᠦᠯᠡᠨ ᠴᠤᠬᠴᠠᠯᠠᠬᠰᠠᠨ ᠪᠠᠶᠢᠨ᠎ᠠ .᠃      ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠨᠢ ᠢᠮᠠᠭᠲᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠰᠣᠶᠣᠯ ᠢ ᠠᠷᠠᠳ ᠲᠦᠮᠡᠨ ᠤ ᠲᠥᠯᠥᠭᠡ ᠬᠦᠭᠵᠢᠭᠦᠯᠭᠦ᠂ ᠰᠣᠶᠣᠯ ᠢ ᠬᠦᠭᠵᠢᠭᠦᠯᠭᠦ ᠳᠤ ᠠᠷᠠᠳ ᠲᠦᠮᠡᠨ ᠳᠤ ᠲᠦᠰᠢᠭᠯᠡᠬᠦ᠂ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠡᠳ᠋ᠯᠡᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠬᠦᠴᠦᠯᠡᠨ ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ 2020 ᠣᠨ ᠤ 12 ᠰᠠᠷ᠎ᠠ ᠪᠣᠯᠲᠠᠯ᠎ᠠ᠂ ︽ᠲᠠᠯ᠎ᠠ ᠨᠤᠲᠤᠭ ᠤᠨ ᠲᠠᠭᠤᠤ ᠬᠥᠭᠵᠢᠮ ᠤᠨ ᠭᠠᠷᠠᠭ ᠤᠨ ᠰᠡᠭᠦᠯᠴᠢ︾ ᠶᠢ ᠨᠢᠭᠡᠨᠲᠡ ᠵᠠᠯᠭᠠᠭ᠎ᠠ ᠪᠠᠷ ᠭᠤᠷᠪᠠᠨ ᠬᠤᠭᠤᠴᠠᠭ᠎ᠠ ᠡᠷᠭᠢᠯᠡᠵᠦ᠂ ᠨᠡᠶᠢᠲᠡ 29 ᠲᠠᠯᠠᠪᠤᠷ᠂ 500 ᠭᠠᠷᠤᠶ ᠲᠣᠭᠯᠠᠭᠴᠢᠳ ᠲᠣᠭᠯᠠᠯᠲᠠ ᠳᠤ ᠣᠷᠣᠯᠴᠠᠵᠤ᠂ 2 ᠲᠦᠮᠡ ᠭᠠᠷᠤᠶ ᠦᠵᠡᠭᠴᠢᠳ ᠲᠤᠬᠠᠶ ᠶᠢᠨ ᠲᠠᠯᠠᠪᠠᠶ ᠳᠤ ᠰᠣᠨᠢᠷᠬᠠᠵᠤ᠂ ᠢᠨᠲ᠋ᠧᠷ ᠰᠦᠯᠵᠢᠶᠡᠨ ᠳᠡᠭᠡᠷ᠎ᠡ ᠭᠥᠯᠢᠶᠡᠨ ᠠᠪᠴᠤ ᠦᠵᠡᠭᠰᠡᠨ ᠬᠥᠮᠦᠨ ᠤ ᠲᠤᠭ᠎ᠠ 200 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠡᠶ᠃http://mongol.people.com.cn/15833320.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号