︵ᠰᠤᠷᠪᠤᠯᠵᠢᠯᠠᠭᠴᠢ ᠮᠢᠶᠥᠥ ᠴᠢᠩ︶ ᠮᠠᠨ ᠤ ᠬᠤᠲᠠ 2020 ᠣᠨ ᠤ 7 ᠳ᠋ᠤᠭᠠᠷ ᠰᠠᠷ᠎ᠠ ᠠᠴᠠ 12 | ᠳ᠋ᠤᠭᠠᠷ ᠰᠠᠷ᠎ᠠ ᠶᠢᠨ ᠬᠤᠭᠤᠷᠣᠨᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠢ | ᠵᠠᠰᠠᠯᠲᠠ ᠥᠷᠨᠢᠭᠦᠯᠦᠨ᠂ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠣᠳᠣᠬᠠᠨ | ᠪᠣᠯᠲᠠᠯ᠎ᠠ 45 ᠪᠠᠶᠢᠭᠤᠯᠤᠮᠵᠢ ᠳᠤ ᠡᠵᠡᠩᠨᠡᠯᠲᠡ ᠪᠠᠨ ᠵᠣᠭᠰᠣᠭᠠᠬᠤ ᠮᠡᠳᠡᠭᠳᠡᠯ ᠪᠠᠭᠤᠯᠭᠠᠵᠠᠢ᠃ | ᠲᠠᠨᠢᠯᠴᠠᠭᠤᠯᠤᠭᠰᠠᠨ ᠢᠶᠠᠷ᠂ ᠣᠳᠣᠬᠠᠨ ᠪᠣᠯᠲᠠᠯ᠎ᠠ ᠪᠦᠬᠦ ᠬᠤᠲᠠ ᠶᠢᠨ ᠡᠯ᠎ᠡ ᠬᠤᠰᠢᠭᠤ ᠰᠢᠶᠠᠨ | ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠨᠡᠶᠢᠲᠡ 291 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠪᠠᠶᠢᠴᠠᠭᠠᠵᠤ᠂ 107 ᠪᠠᠶᠢᠭᠤᠯᠤᠮᠵᠢ ᠳᠤ ᠥᠭᠡᠷᠡᠴᠢᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠠᠢ᠃ ᠡᠭᠦᠨ ᠤ | ᠬᠠᠮᠲᠤ᠂ ᠬᠥᠬᠡᠬᠤᠲᠠ ᠠᠴᠠ ᠭᠡᠷᠡᠴᠢ ᠪᠠᠲᠤᠯᠠᠪᠤᠷᠢ ᠦᠭᠡᠢ᠂ ᠭᠡᠷᠡᠴᠢ ᠪᠠᠲᠤᠯᠠᠪᠤᠷᠢ ᠪᠦᠷᠢᠨ ᠦᠭᠡᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠰᠠᠬᠤ ᠡᠷᠴᠢᠮ ᠢᠶᠠᠨ ᠴᠢᠩᠭᠠᠷᠠᠭᠤᠯᠪᠠ᠃ ᠡᠨᠡ ᠬᠤᠭᠤᠴᠠᠭᠠᠨ ᠳᠤ᠂ | ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ | ᠬᠠᠤᠯᠢ ᠬᠡᠷᠡᠭᠵᠢᠭᠦᠯᠵᠦ᠂ ᠪᠦᠬᠦ ᠬᠤᠲᠠ ᠠᠴᠠ 14 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠠᠰᠢᠷᠠᠮ ᠢᠶᠠᠷ | ᠰᠤᠭᠤᠴᠢᠨ ᠵᠢᠯᠣᠭᠤᠳᠤᠯᠭ᠎ᠠ ᠪᠠᠶᠢᠴᠠᠭᠠᠯᠲᠠ ᠬᠢᠵᠡᠢ᠃ | ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠢᠯᠡᠷᠬᠡᠶᠢᠯᠡᠬᠦ ᠳᠡᠭᠡᠨ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠵᠤ ︽ᠡᠷᠭᠢᠵᠦ ᠬᠠᠷᠠᠵᠤ︾ ᠰᠢᠮᠳᠠᠭᠤᠯᠤᠨ | ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠢ ᠵᠠᠰᠠᠬᠤ ᠠᠵᠢᠯᠯᠠᠭ᠎ᠠ ᠶᠢᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠪᠠᠲᠤᠳᠬᠠᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ | ᠡᠷᠬᠢᠯᠡᠬᠦ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠤᠨ᠎ᠠ᠃ ᠬᠤᠲᠠ ᠶᠢᠨ ᠠᠷᠠᠳ ᠬᠡᠷᠪᠡ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮ ᠦᠭᠡᠢ ᠡᠵᠡᠩᠨᠡᠯᠲᠡ ᠶᠢᠨ ᠠᠵᠢᠯᠯᠠᠭ᠎ᠠ ᠶᠢ ᠣᠯᠵᠤ | ᠮᠡᠳᠡᠪᠡᠯ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠠᠷᠠᠳ ᠠᠴᠠ ᠡᠵᠡᠩᠨᠡᠭᠰᠡᠨ ᠰᠤᠷᠭᠠᠨ | ᠬᠥᠮᠥᠵᠢᠯ ᠤᠨ ᠲᠥᠪ ᠲᠤ ᠢᠯᠡᠴᠢᠯᠡᠵᠦ ᠪᠣᠯᠣᠨ᠎ᠠ ᠭᠡᠵᠡᠢ᠃ ᠢᠯᠡᠴᠢᠯᠡᠬᠦ ᠤᠲᠠᠰᠤ᠄ 4606936᠃ |