ᠬᠥᠬᠡᠬᠤᠲᠠ ᠶᠢᠨ 2020 ᠣᠨ ᠤ ᠮᠥᠰᠥ ᠴᠠᠰᠤᠨ ᠤ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄
2020/12/22
      ᠰᠢᠨᠬᠤᠧᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠴᠦᠨ ᠶᠠᠨ︶ 19 ᠤ ᠡᠳᠦᠷ᠂ 2020 ᠣᠨ ᠤ ᠬᠥᠬᠡᠬᠤᠲᠠ ᠶᠢᠨ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠷᠦ᠋ ᠢ ᠶᠡᠭᠡ ᠬᠥᠭᠦᠷᠭᠡ ᠶᠢᠨ ᠡᠮᠦᠨ᠎ᠡ ᠲᠠᠯ᠎ᠠ ᠶᠢᠨ ᠵᠡᠭᠦᠨ ᠭᠤᠤᠯ ᠤᠨ ᠮᠥᠰᠥᠨ ᠳᠡᠭᠡᠷ᠎ᠡ ᠶᠠᠪᠤᠭᠳᠠᠵᠤ᠂ ᠬᠦᠯᠳᠡᠭᠰᠡᠨ ᠮᠥᠰᠥᠨ ᠭᠠᠳᠠᠷᠭᠤ ᠨᠢ ᠬᠤᠲᠠ ᠶᠢᠨ ᠠᠷᠠᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠦᠨ᠎ᠡ ᠲᠥᠯᠥᠪᠦᠷᠢ ᠥᠬᠡᠶ ᠪᠠᠷ ᠪᠡᠶᠡᠴᠢᠯᠡᠨ ᠣᠶᠢᠯᠠᠭᠠᠬᠤ ᠰᠠᠶᠢᠨ ᠭᠠᠵᠠᠷ ᠪᠣᠯᠪᠠ᠃      ᠵᠡᠭᠦᠨ ᠭᠤᠤᠯ ᠤᠨ ᠬᠥᠪᠡᠭᠡ ᠪᠣᠯ ᠬᠥᠮᠦᠰ ᠤᠨ ᠵᠣᠨ ᠤ ᠤᠯᠠᠷᠢᠯ ᠳᠤ ᠰᠡᠯᠡᠭᠦᠴᠡᠬᠦ᠂ ᠰᠡᠷᠢᠭᠦᠴᠡᠬᠦ ᠰᠠᠶᠢᠨ ᠭᠠᠵᠠᠷ ᠪᠤᠯᠤᠨ᠎ᠠ ᠬᠡᠵᠦ ᠬᠦᠬᠡᠬᠤᠳᠠ ᠶᠢᠨ ᠠᠷᠠᠳ ᠤᠳ ᠦᠵᠡᠳᠡᠭ᠃ ᠵᠣᠨ ᠤ ᠤᠯᠠᠷᠢᠯ ᠤᠨ ᠭᠠᠷᠠᠭ ᠤᠨ ᠰᠡᠭᠦᠯᠴᠢ ᠪᠣᠯᠬᠤ ᠪᠦᠷᠢ᠂ ᠠᠳᠡᠬᠢ ᠣᠷᠭᠢᠯᠤᠮᠠᠯ ᠪᠤᠯᠠᠭ ᠨᠢ ᠲᠠᠭᠤᠤ ᠬᠥᠭᠵᠢᠮ ᠤᠨ ᠠᠶᠠᠰ ᠤᠨ ᠳᠠᠭᠠᠤ ᠪᠥᠵᠢᠭᠯᠡᠵᠦ᠂ ᠬᠥᠮᠦᠰ ᠭᠤᠤᠯ ᠤᠨ ᠬᠥᠪᠡᠭᠡᠨ ᠳᠤ ᠰᠡᠷᠢᠭᠦᠴᠡᠨ ᠲᠤᠭᠤᠷᠢᠳᠠᠭ᠃ ᠡᠨᠡ ᠡᠪᠦᠯ᠂ ᠬᠠᠷᠢᠨ ᠵᠡᠭᠦᠨ ᠭᠤᠤᠯ ᠤᠨ ᠬᠥᠪᠡᠭᠡ ᠨᠢ ᠬᠤᠲᠠ ᠶᠢᠨ ᠠᠷᠠᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ ᠴᠡᠩᠭᠡᠯ ᠤᠨ ᠣᠷᠣᠨ ᠪᠣᠯᠤᠨ ᠰᠤᠯᠢᠬᠳᠠᠵᠠᠢ᠃      ᠰᠤᠷᠪᠤᠯᠵᠢᠯᠠᠭᠴᠢ ᠠᠵᠢᠯᠯᠠᠭ᠎ᠠ ᠶᠢᠨ ᠠᠬᠤᠶ ᠲᠠᠯᠠᠪᠠᠶ ᠠᠴᠠ᠂ 3000 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠮᠥᠰᠥᠨ ᠭᠠᠳᠠᠷᠭᠤ ᠳᠤ ᠬᠥᠭᠰᠢᠳ ᠪᠠᠭᠠᠴᠤᠳ ᠲᠤ ᠲᠣᠬᠢᠷᠠᠬᠤ ᠮᠥᠰᠥᠨ ᠲᠡᠷᠭᠡᠨ ᠤ ᠪᠡᠶᠡᠴᠢᠯᠡᠨ ᠣᠶᠢᠯᠠᠭᠠᠬᠤ ᠲᠤᠭᠤᠷᠢᠭ᠂ ︽ᠬᠤᠷᠳᠤᠴᠠ ᠪᠠ ᠣᠷᠭᠢᠯᠤᠮ᠎ᠠ ᠰᠡᠳᠬᠢᠯᠭᠡ︾ ᠶᠢ ᠡᠳ᠋ᠯᠡᠬᠦ ᠲᠦᠷᠭᠡᠨ ᠲᠡᠰᠢᠯᠲᠡ ᠶᠢᠨ ᠲᠤᠭᠤᠷᠢᠭ ᠭᠡᠬᠦ ᠮᠡᠳᠦ  ᠶᠢᠨ ᠬᠡᠳᠦᠨ ᠶᠡᠭᠡ ᠲᠤᠭᠤᠷᠢᠭ ᠪᠣᠯᠭᠠᠨ ᠬᠤᠪᠢᠶᠠᠬᠰᠠᠨ ᠪᠠ ᠬᠥᠮᠦᠰ ᠤᠨ ᠲᠠᠰᠢᠭᠤᠷ ᠪᠠᠷᠢᠵᠤ ᠨᠢᠳᠤᠷᠭ᠎ᠠ ᠶᠢᠨ ᠬᠢᠷᠢᠳᠠᠢ ᠮᠦᠰᠦᠨ ᠡᠭᠡᠷᠡᠦᠯ ᠢ ᠭᠤᠶᠠᠳᠠᠵᠤ ᠨᠠᠭᠠᠳᠤᠬᠤ ᠪᠠᠶᠢᠬᠤ ᠶᠢ ᠤᠯᠵᠤ ᠬᠠᠷᠠᠯ᠎ᠠ᠂ ᠪᠠᠰᠠ ᠡᠮᠦᠨ᠎ᠡ ᠲᠠᠯ᠎ᠠ ᠶᠢᠨ ᠮᠥᠰᠥᠨ ᠳᠡᠭᠡᠷ᠎ᠡ ᠬᠤᠶᠠᠷ ᠴᠠᠰᠤ ᠬᠢᠬᠦ ᠮᠠᠰᠢᠨ ᠬᠦᠷᠴᠢᠭᠢᠨᠡᠨ ᠲᠤᠤᠭᠠᠷᠴᠤ᠂  ᠬᠦᠮᠦᠰ ᠴᠠᠰᠤ ᠬᠢᠬᠦ ᠮᠠᠰᠢᠨ ᠤ ᠳᠡᠷᠭᠡᠳᠡ ᠲᠡᠰᠬᠡᠯ ᠥᠬᠡᠶ ᠬᠦᠶᠦᠨ ᠬᠦᠷᠴᠦ᠂ ︽ᠴᠠᠰᠤᠨ ᠯᠠᠪᠰᠠ︾ ᠶᠢᠨ ᠬᠡᠶᠢᠰᠤᠨ ᠪᠠᠭᠤᠬᠤ ᠦᠵᠡᠭᠳᠡᠯ ᠢ ᠪᠡᠶᠡᠴᠢᠯᠡᠨ ᠣᠶᠢᠯᠠᠭᠠᠵᠤ ᠪᠠᠶᠢᠬᠤ ᠶᠢ ᠤᠯᠵᠤ ᠬᠠᠷᠠᠯ᠎ᠠ᠃      ᠵᠡᠬᠦᠨ ᠭᠤᠤᠯ ᠤᠨ ᠮᠥᠰᠥᠨ ᠲᠠᠯᠠᠪᠠᠢ ᠠᠴᠠ ᠭᠠᠳᠠᠨ᠎ᠠ᠂ ᠬᠥᠬᠡᠬᠤᠲᠠ ᠶᠢᠨ ᠬᠢᠨ ᠪᠠᠰᠠ ᠬᠤᠪᠢᠶᠠᠷᠢ ᠮᠦᠰᠦᠨ ᠲᠠᠯᠠᠪᠠᠢ ᠭᠠᠷᠭᠠᠬᠰᠠᠨ ᠢᠶᠠᠷ ᠥᠪᠥᠷ ᠮᠣᠩᠭᠤᠯ ᠤᠨ ᠮᠤᠷᠢᠨ ᠤᠷᠤᠯᠳᠤᠭᠠᠨ ᠤ ᠲᠠᠯᠠᠪᠠᠢ᠂ ᠬᠥᠬᠡᠬᠤᠲᠠ ᠴᠡᠴᠡᠷᠯᠢᠭ᠂ ᠨᠠᠨ ᠬᠤ᠋ ᠨᠤᠭᠤ ᠭᠠᠵᠠᠷ ᠤᠨ ᠴᠡᠴᠡᠷᠯᠢᠭ ᠪᠣᠯᠤᠨ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠤᠶᠢᠲᠤ ᠲᠠᠯ᠎ᠠ ᠶᠢᠨ ᠰᠢᠩᠭᠡᠯᠢᠭ ᠮᠠᠶ᠋ᠢᠭ ᠤᠨ ᠬᠦᠯ ᠪᠥᠮᠪᠦᠭᠡ ᠶᠢᠨ ᠲᠠᠯᠠᠪᠤᠷ ᠤᠨ ᠡᠭᠦᠳᠡᠨ ᠡᠮᠦᠨ᠎ᠡ ᠨᠢ ᠨᠢᠭᠡᠨᠲᠡ ᠮᠥᠩᠭᠦᠨ ᠴᠠᠭᠠᠨ ᠬᠤᠶᠠᠭ ᠡᠮᠦᠰᠦᠨ ᠰᠢᠯ ᠪᠤᠯᠤᠷ ᠢᠶᠠᠷ ᠴᠢᠮᠡᠭᠯᠡᠭᠳᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ ᠲᠠᠯᠠᠪᠤᠷ ᠪᠤᠯᠤᠬᠰᠠᠨ ᠪᠠᠶᠢᠪᠠ᠃      ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠲᠣᠰ ᠤᠳᠠᠭᠠᠨ ᠤ ︽ᠮᠥᠰᠥ ᠲᠡᠰᠢᠬᠦ ᠴᠠᠰᠤ ᠭᠤᠯᠭᠤᠬᠤ ᠤᠯᠠᠷᠢᠯ ᠳᠠᠬᠢ ᠵᠣᠯ ᠵᠢᠷᠭᠠᠯ ᠪᠢᠯᠬᠠᠬᠰᠠᠨ ᠬᠥᠬᠡᠬᠤᠲᠠ︾ ᠭᠡᠬᠦ ᠭᠤᠤᠯ ᠰᠡᠳᠦᠪᠲᠦ ᠣᠯᠠᠨ ᠲᠦᠮᠡᠨᠴᠢ ᠮᠥᠰᠥ ᠴᠠᠰᠤᠨ ᠤ ᠰᠢᠷᠢᠰ ᠲᠠᠮᠢᠷ ᠤᠨ ᠬᠦᠳᠡᠯᠭᠡᠭᠡᠨ ᠢ ᠶᠠᠪᠤᠬᠳᠠᠭᠤᠯᠤᠬᠰᠠᠨ ᠨᠢ ᠪᠥᠬᠦ ᠠᠷᠠᠳ ᠢ ᠮᠥᠰᠥ ᠴᠠᠰᠤᠨ ᠤ ᠤᠷᠤᠯᠳᠤᠭᠠᠨ ᠤ ᠠᠯᠢ ᠣᠯᠠᠨ ᠠᠵᠢᠯᠯᠠᠭ᠎ᠠ ᠳᠤ ᠤᠷᠤᠯᠴᠠᠭᠤᠯᠬᠤ ᠪᠠᠷ ᠲᠠᠮᠵᠢᠨ᠂ ᠣᠯᠠᠨ ᠢ ᠭᠠᠳᠠᠨ᠎ᠠ ᠭᠠᠷᠭᠠᠵᠦ᠂ ᠮᠥᠰᠥᠨ ᠲᠠᠯᠠᠪᠠᠶ ᠳᠤ ᠨᠠᠭᠠᠳᠤᠭᠤᠯᠵᠤ᠂ ᠴᠠᠰᠤᠨ ᠲᠠᠯᠠᠪᠠᠶ ᠳᠤ ᠨᠠᠭᠠᠳᠤᠭᠤᠯᠬᠤ ᠪᠠ ᠨᠠᠩ ᠣᠯᠠᠨ ᠬᠥᠮᠦᠨ ᠳᠤ ᠮᠥᠰᠥ ᠴᠠᠰᠤ ᠶᠢ ᠤᠶᠢᠯᠠᠭᠠᠭᠤᠯᠵᠤ ᠂ ᠲᠡᠳᠡᠨ ᠢ ᠮᠥᠰᠥ ᠴᠠᠰᠤᠨ ᠤ ᠬᠦᠳᠡᠯᠭᠡᠭᠡᠨ ᠳᠤ ᠣᠷᠣᠯᠴᠠᠭᠤᠯᠵᠤ᠂ ᠮᠥᠰᠥ ᠴᠠᠰᠤᠨ ᠤ ᠬᠦᠳᠡᠯᠭᠡᠭᠡᠨ ᠳᠤ ᠳᠤᠷᠠᠲᠠᠶ ᠪᠣᠯᠭᠠᠵᠤ᠂ ᠮᠥᠰᠥ ᠴᠠᠰᠤᠨ ᠤ ᠬᠥᠳᠡᠯᠭᠡᠭᠡᠨ ᠳᠤ ᠤᠷᠤᠯᠴᠠᠬᠰᠠᠨ ᠣᠷᠭᠢᠯᠤᠮ᠎ᠠ ᠰᠡᠳᠬᠢᠯᠭᠡ ᠪᠠ ᠪᠠᠶᠠᠷ ᠪᠠᠶᠠᠰᠤᠯ ᠲᠠᠢ ᠪᠤᠯᠭᠠᠬᠤ ᠶᠢ ᠵᠤᠷᠢᠬᠰᠠᠨ ᠶᠤᠮ᠃      ᠲᠣᠰ ᠤᠳᠠᠭᠠᠨ ᠤ ᠣᠯᠠᠨ ᠨᠡᠶᠢᠲᠡ ᠶᠢᠨ ᠮᠥᠰᠥ ᠴᠠᠰᠤᠨ ᠤ ᠰᠢᠷᠢᠰ ᠲᠠᠮᠢᠷ ᠤᠨ ᠬᠦᠳᠡᠯᠭᠡᠭᠡᠨ ᠢ 40 ᠡᠳᠦᠷ ᠶᠠᠪᠤᠭᠳᠠᠭᠤᠯᠬᠤ ᠪᠠᠷ ᠪᠤᠢ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠲᠣᠰ ᠤᠳᠠᠭᠠᠨ ᠤ ᠮᠥᠰᠥ ᠴᠠᠰᠤᠨ ᠤ ᠤᠯᠠᠷᠢᠯ ᠤᠨ ᠲᠠᠮᠢᠷ ᠤᠨ ᠬᠦᠳᠡᠯᠭᠡᠭᠡᠨ ᠲᠠᠢ ᠤᠶᠠᠯᠳᠤᠭᠤᠯᠤᠨ᠂ ᠣᠷᠣᠨ ᠤ ᠲᠥᠪ ᠬᠤᠲᠠ ᠶᠢᠨ ᠠᠷᠠᠳ ᠪᠥᠬᠦ ᠬᠤᠲᠠ ᠶᠢᠨ ᠡᠯ᠎ᠡ ᠮᠥᠰᠥ ᠴᠠᠰᠤᠨ ᠤ ᠲᠠᠯᠠᠪᠤᠷ ᠲᠤ ᠬᠦᠷᠴᠦ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠶᠡᠭᠡ ᠪᠠᠷ ᠳᠥᠯᠭᠢᠨ ᠠᠬᠢᠭᠤᠯᠬᠤ ᠪᠦᠭᠡᠳ ᠪᠠᠰᠠ ᠵᠢᠯ ᠠᠯᠤᠰᠯᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠲᠠᠮᠢᠷ ᠤᠨ ᠬᠦᠳᠡᠯᠭᠡᠭᠡᠨ ᠢ ᠥᠷᠨᠢᠭᠦᠯᠬᠦ ᠪᠣᠯᠤᠨ᠎ᠠ᠃http://mongol.people.com.cn/15833322.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号