ᠰᠢᠨᠬᠤᠸᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠴᠦᠨ ᠶᠠᠨ︶ ︽ᠳᠠᠯᠠᠨ | ᠬᠠᠷ᠎ᠠ ᠠᠭᠤᠯᠠ ᠶᠢᠨ ᠲᠤᠤᠷᠠᠭᠢ ᠲᠦᠮᠡᠳ︾ — ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠶ ᠲᠣᠭᠯᠠᠯᠲᠠ ᠲᠡᠭᠡᠷ᠎ᠠ ᠭᠠᠷᠠᠭ ᠤᠨ | ᠰᠡᠭᠦᠯᠴᠢ ᠪᠠᠷ ᠬᠥᠬᠡᠬᠤᠲᠠ ᠳᠤ ᠶᠠᠪᠤᠭᠳᠠᠪᠠ᠃ ᠲᠤᠰ ᠤᠳᠠᠭᠠᠨ ᠤ ᠲᠣᠭᠯᠠᠯᠲᠠ ᠨᠢ ᠮᠥᠨ ᠴᠦ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ | ᠰᠡᠭᠦᠯᠴᠢ︾ ᠲᠣᠭᠯᠠᠯᠲᠠ ᠶᠢᠨ ᠤᠯᠠᠷᠢᠯ ᠤᠨ ᠠᠵᠢᠯᠯᠠᠭ᠎ᠠ ᠶᠢᠨ ᠨᠢᠭᠡ ᠪᠣᠯᠤᠨ᠎ᠠ᠃ | ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠲᠣᠭᠯᠠᠯᠲᠠ ᠶᠢᠨ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ︽ᠥᠪᠥᠷ ᠮᠣᠩᠭᠤᠯ ᠤᠨ ᠳᠠᠭᠤᠤ ᠬᠥᠭᠵᠢᠮ︾ ᠤᠨ ᠲᠦᠷᠦᠯ ᠲᠡᠮᠳᠡᠭ ᠢ ᠡᠭᠦᠳᠦᠨ᠂ | ᠲᠤᠬᠯᠠᠬᠴᠢᠳ ᠲᠤ ᠦᠵᠡᠭᠦᠯᠦᠯᠭᠡ ᠶᠢᠨ ᠲᠠᠪᠴᠠᠩ ᠬᠠᠩᠭᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ | ᠰᠣᠶᠣᠯᠳᠤ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠤᠰᠠᠳᠠ ᠡᠷᠬᠢᠯᠡᠭᠰᠡᠨ ᠨᠡᠶᠢᠲᠡ ᠶᠢᠨ ᠠᠰᠠᠷᠠᠮᠵᠢ ᠶᠢᠨ ᠲᠣᠭᠯᠠᠯᠲᠠ ᠶᠢᠨ ᠠᠵᠢᠯᠯᠠᠭ᠎ᠠ ᠪᠣᠯᠤᠨ᠎ᠠ᠃ | ᠲᠣᠰ ᠤᠳᠠᠭᠠᠨ ᠤ ︽ᠲᠠᠯ᠎ᠠ ᠨᠤᠲᠤᠭ ᠤᠨ ᠲᠠᠭᠤᠤ ᠬᠥᠭᠵᠢᠮ ᠤᠨ ᠭᠠᠷᠠᠭ ᠤᠨ ᠰᠡᠭᠦᠯᠴᠢ︾ ᠲᠣᠭᠯᠠᠯᠲᠠ ᠳᠤ ︽ᠲᠦᠮᠡᠳ ᠵᠡᠭᠦᠨ ᠬᠤᠰᠢᠭᠤᠨ ᠤ | ᠤᠯᠠᠭᠠᠨᠮᠥ᠋ᠴᠢᠷ ᠤᠨ ᠲᠤᠰᠬᠠᠶ ᠲᠠᠯᠠᠪᠠᠶ︾᠂ ︽ᠪᠠᠭᠰᠢ ᠰᠤᠷᠤᠭᠴᠢᠳ ᠤᠨ ᠨᠠᠶᠢᠷᠠᠯ ᠲᠠᠭᠤᠤ ᠶᠢᠨ ᠬᠡᠤᠬᠡᠳ ᠤᠨ ᠲᠤᠰᠬᠠᠶ ᠲᠠᠯᠠᠪᠠᠶ︾᠂ ︽ᠦᠤᠰᠢᠨ | ᠬᠤᠰᠢᠭᠤᠨ ᠤ ᠤᠯᠠᠭᠠᠨᠮᠥ᠋ᠴᠢᠷ ᠤᠨ ᠲᠤᠰᠬᠠᠶ ᠲᠠᠯᠠᠪᠠᠶ︾᠂ ︽ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠢᠨ᠎ᠡ ᠵᠢᠯ ᠤᠨ ᠲᠠᠭᠤᠤ ᠶᠢᠨ | ᠴᠤᠭᠯᠠᠭᠠᠨ︾ ᠵᠡᠷᠭᠡ 6 ᠲᠠᠯᠠᠪᠠᠶ ᠲᠣᠭᠯᠠᠯᠲᠠ ᠭᠠᠷᠭᠠᠵᠠᠶ᠃ | ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ 1971 ᠣᠨ ᠳᠤ ᠪᠠᠶᠢᠭᠤᠯᠤᠬᠳᠠᠨ᠂ 1991 ᠣᠨ ᠳᠤ ᠵᠠᠳᠠᠷᠠᠵᠤ᠂ 2008 ᠣᠨ ᠤ 4 | ᠰᠠᠷ᠎ᠠ ᠳᠤ ᠰᠡᠷᠭᠦᠭᠡᠨ ᠪᠠᠶᠢᠭᠤᠯᠵᠠᠢ᠃ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠬᠢᠨ ︽ᠮᠣᠩᠭᠤᠯ ᠦᠨᠳᠦᠰᠦᠲᠡᠨ ᠤ ᠲᠠᠭᠤᠤ ᠪᠥᠵᠢᠭ ᠤᠨ | ᠣᠨᠴᠠᠯᠢᠭᠲᠤ ᠤᠳᠬ᠎ᠠ ᠤᠷᠠᠯᠢᠭ ᠤᠨ ᠪᠦᠯᠬᠦᠮ︾ ᠤᠨ ᠱᠤᠭᠤᠮ ᠢᠶᠠᠷ ᠶᠠᠪᠤᠬᠤ ᠶᠢ ᠲᠣᠳᠣᠷᠬᠠᠶ ᠲᠣᠭᠲᠠᠭᠠᠪᠠ᠃ ᠲᠤᠬᠯᠠᠯᠳᠠ ᠶᠢᠨ ᠬᠡᠪ ᠨᠠᠮᠪᠠ ᠨᠢ ᠠᠷᠠᠳ ᠤᠨ | ᠲᠠᠭᠤᠤ᠂ ᠤᠷᠲᠤ ᠶᠢᠨ ᠲᠠᠭᠤᠤ᠂ ᠪᠥᠵᠢᠭ᠂ ᠬᠥᠭᠡᠮᠡᠶ᠂ ᠮᠣᠷᠢᠨ ᠬᠤᠭᠤᠷ ᠵᠡᠷᠭᠡ ᠡᠯ᠎ᠡ ᠵᠦᠢᠯ ᠤᠨ ᠮᠣᠩᠭᠤᠯ ᠦᠨᠳᠦᠰᠦᠲᠡᠨ ᠤ ᠣᠨᠴᠠᠯᠢᠭ ᠲᠠᠢ ᠤᠷᠠᠨ | ᠰᠠᠶᠢᠬᠠᠨ ᠤ ᠲᠣᠭᠯᠠᠯᠲᠠ ᠪᠠᠷ ᠭᠤᠤᠯ ᠪᠤᠯᠭᠠᠵᠠᠢ᠃ | ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ︽ᠵᠣᠬᠢᠶᠠᠨ ᠪᠦᠲᠦᠭᠡᠬᠦ︾ ᠪᠠ ︽ᠰᠢᠨ᠎ᠡ ᠶᠢ ᠡᠭᠦᠳᠬᠦ︾ ᠡᠭᠦᠷᠭᠡ ᠴᠢᠳᠠᠪᠬᠢ ᠪᠠᠨ ᠭᠦᠢᠴᠡᠳ | ᠪᠠᠳᠠᠷᠠᠭᠤᠯᠵᠤ᠂ ᠤᠳᠬ᠎ᠠ ᠤᠷᠠᠯᠢᠭ ᠤᠨ ᠠᠩᠬᠠᠨ ᠤ ᠡᠭᠦᠳᠦᠯᠲᠡ ᠶᠢᠨ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ ᠦᠪᠡᠰᠦᠪᠡᠨ | ᠨᠠᠶᠢᠷᠠᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠪᠠ ᠤᠯᠠᠮᠵᠢᠯᠠᠯᠲᠤ ᠪᠥᠵᠢᠭ ᠢᠶᠠᠷ ᠲᠦᠮᠡᠳ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠴᠡᠴᠡᠭᠯᠡᠨ ᠬᠥᠭᠵᠢᠭᠰᠡᠨ᠂ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠭ᠎ᠠ ᠠᠮᠢᠳᠤᠯᠢᠭ ᠥᠯᠢᠭᠡᠷ ᠢ ᠲᠣᠭᠠᠴᠢᠪᠠ᠃ ᠦᠨᠳᠦᠰᠦᠲᠡᠨ ᠤ | ᠠᠷᠠᠳ ᠤᠨ ᠰᠣᠶᠣᠯ ᠳᠠᠬᠢ ᠡᠯᠪᠡᠭ ᠪᠠᠶᠠᠯᠢᠭ ᠰᠢᠮ᠎ᠡ ᠲᠡᠵᠢᠭᠡᠯ ᠢ ᠥᠷᠭᠡᠨ ᠢᠶᠠᠷ ᠰᠢᠩᠭᠡᠭᠡᠨ ᠠᠪᠴᠤ᠂ ᠲᠦᠮᠡᠳ ᠵᠡᠭᠦᠨ ᠬᠤᠰᠢᠭᠤᠨ ᠤ ᠲᠡᠤᠬᠡ ᠰᠣᠶᠣᠯ᠂ | ᠬᠤᠪᠢᠰᠬᠠᠯᠲᠤ ᠵᠣᠷᠢᠭ ᠰᠠᠨᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠮᠣᠩᠭᠤᠯ ᠦᠨᠳᠦᠰᠦᠲᠡᠨ ᠤ ᠲᠠᠭᠤᠤ ᠪᠥᠵᠢᠭ ᠤᠨ ᠤᠷᠠᠯᠢᠭ ᠤᠨ ᠬᠡᠯᠪᠡᠷᠢ ᠶᠢ | ᠠᠭᠤᠰᠤᠯᠴᠠᠭᠤᠯᠵᠤ᠂ ᠲᠦᠮᠡᠳ ᠵᠡᠭᠦᠨ ᠬᠤᠰᠢᠭᠤᠨ ᠤ ᠢᠯᠡ ᠲᠣᠳᠣ ᠣᠨᠴᠠᠯᠢᠭ ᠲᠠᠢ᠂ ᠦᠨᠳᠦᠰᠦᠨ ᠱᠠᠲᠤᠨ ᠤ ᠲᠣᠭᠯᠠᠯᠲᠠ ᠳᠤ ᠳᠣᠭᠢᠷᠠᠬᠤ ᠤᠳᠬ᠎ᠠ | ᠤᠷᠠᠯᠢᠭ ᠤᠨ ᠵᠦᠴᠦᠭᠡ ︵ᠫᠷᠤᠭ᠍ᠷᠠᠮ︶ ᠶᠢ ᠵᠤᠬᠢᠶᠠᠨ ᠪᠦᠲᠦᠭᠡᠪᠡ᠃ | ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠨᠢ ᠣᠳᠣ ᠨᠢᠬᠡᠨᠲᠡ ᠳᠠᠭᠤᠤ ᠪᠥᠵᠢᠭ ︽ᠲᠦᠮᠡᠳ ᠤᠨ ᠨᠤᠲᠤᠭ︾᠂ ᠪᠥᠵᠢᠭ ︽ᠲᠦᠮᠡᠳ ᠤᠨ | ᠨᠠᠭᠠᠳᠤᠮ︾᠂ ᠳᠠᠭᠤᠤ ︽ᠬᠥᠬᠡ ᠲᠩᠷᠢ︾ ᠶᠢ ᠵᠣᠬᠢᠶᠠᠨ ᠨᠠᠶᠢᠷᠠᠭᠤᠯᠵᠤ᠂ ᠲᠦᠮᠡᠳ ᠤᠨ ᠤᠷᠲᠤ ᠶᠢᠨ ᠳᠠᠭᠤᠤ ︽ᠡᠭᠦᠯᠡᠩᠬᠤᠸᠠᠷ︾᠂ ︽ᠰᠢᠷᠭ᠎ᠠ ᠮᠣᠷᠢ︾᠂ | ᠢᠵᠠᠭᠤᠷ ᠬᠥᠭᠵᠢᠮ ᠤᠨ ᠨᠠᠶᠢᠷᠠᠯ ︽ᠠᠯᠲᠠᠨ ᠬᠠᠭᠠᠨ ᠤ ᠮᠠᠭᠲᠠᠭᠠᠯ︾᠂ ᠨᠠᠶᠢᠷᠠᠯ ᠬᠥᠭᠵᠢᠮ ︽ᠪᠣᠷᠵᠢᠭᠢᠨᠲᠠᠯᠠ︾ ᠵᠡᠷᠭᠡ 30 ᠭᠠᠷᠤᠢ ᠰᠢᠨ᠎ᠡ | ᠲᠤᠬᠯᠠᠯᠳᠠ ᠶᠢ ᠵᠤᠬᠢᠶᠠᠨ ᠪᠦᠲᠦᠭᠡᠵᠦ᠂ ᠳᠠᠭᠤᠤ ᠪᠥᠵᠢᠭᠲᠦ ᠵᠦᠴᠦᠭᠡ ︽ᠲᠦᠮᠡᠳ ᠤᠨ ᠬᠤᠷᠢᠮ︾ ᠢ ᠴᠤ ᠶᠠᠭᠠᠷᠠᠯᠲᠠᠢ ᠪᠡᠯᠡᠳᠬᠡᠵᠦ᠂ ᠲᠦᠮᠡᠳ ᠵᠡᠭᠦᠨ | ᠬᠤᠰᠢᠭᠤᠨ ᠤ ᠳᠠᠭᠤᠤ ᠬᠥᠭᠵᠢᠮ ᠤᠨ ᠤᠳᠬ᠎ᠠ ᠤᠷᠠᠯᠢᠭ ᠤᠨ ᠰᠢᠡᠵᠢ ᠲᠡᠮᠳᠡᠭ ᠢ ᠬᠦᠴᠦᠯᠡᠨ ᠴᠤᠬᠴᠠᠯᠠᠬᠰᠠᠨ ᠪᠠᠶᠢᠨ᠎ᠠ .᠃ | ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠨᠢ ᠢᠮᠠᠭᠲᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠰᠣᠶᠣᠯ ᠢ ᠠᠷᠠᠳ ᠲᠦᠮᠡᠨ ᠤ | ᠲᠥᠯᠥᠭᠡ ᠬᠦᠭᠵᠢᠭᠦᠯᠭᠦ᠂ ᠰᠣᠶᠣᠯ ᠢ ᠬᠦᠭᠵᠢᠭᠦᠯᠭᠦ ᠳᠤ ᠠᠷᠠᠳ ᠲᠦᠮᠡᠨ ᠳᠤ ᠲᠦᠰᠢᠭᠯᠡᠬᠦ᠂ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ | ᠲᠦᠮᠡᠨ ᠳᠤ ᠡᠳ᠋ᠯᠡᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠬᠦᠴᠦᠯᠡᠨ | ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ 2020 ᠣᠨ ᠤ 12 ᠰᠠᠷ᠎ᠠ ᠪᠣᠯᠲᠠᠯ᠎ᠠ᠂ ︽ᠲᠠᠯ᠎ᠠ ᠨᠤᠲᠤᠭ ᠤᠨ ᠲᠠᠭᠤᠤ | ᠬᠥᠭᠵᠢᠮ ᠤᠨ ᠭᠠᠷᠠᠭ ᠤᠨ ᠰᠡᠭᠦᠯᠴᠢ︾ ᠶᠢ ᠨᠢᠭᠡᠨᠲᠡ ᠵᠠᠯᠭᠠᠭ᠎ᠠ ᠪᠠᠷ ᠭᠤᠷᠪᠠᠨ ᠬᠤᠭᠤᠴᠠᠭ᠎ᠠ ᠡᠷᠭᠢᠯᠡᠵᠦ᠂ ᠨᠡᠶᠢᠲᠡ 29 ᠲᠠᠯᠠᠪᠤᠷ᠂ 500 ᠭᠠᠷᠤᠶ | ᠲᠣᠭᠯᠠᠭᠴᠢᠳ ᠲᠣᠭᠯᠠᠯᠲᠠ ᠳᠤ ᠣᠷᠣᠯᠴᠠᠵᠤ᠂ 2 ᠲᠦᠮᠡ ᠭᠠᠷᠤᠶ ᠦᠵᠡᠭᠴᠢᠳ ᠲᠤᠬᠠᠶ ᠶᠢᠨ ᠲᠠᠯᠠᠪᠠᠶ ᠳᠤ ᠰᠣᠨᠢᠷᠬᠠᠵᠤ᠂ ᠢᠨᠲ᠋ᠧᠷ ᠰᠦᠯᠵᠢᠶᠡᠨ ᠳᠡᠭᠡᠷ᠎ᠡ | ᠭᠥᠯᠢᠶᠡᠨ ᠠᠪᠴᠤ ᠦᠵᠡᠭᠰᠡᠨ ᠬᠥᠮᠦᠨ ᠤ ᠲᠤᠭ᠎ᠠ 200 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠡᠶ᠃ | http://mongol.people.com.cn/15833320.html |