ᠮᠠᠨ ᠤ ᠬᠤᠲᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ 45 ᠪᠠᠶᠢᠭᠤᠯᠤᠮᠵᠢ ᠳᠤ ᠡᠵᠡᠩᠨᠡᠯᠲᠡ ᠪᠠᠨ ᠵᠣᠭᠰᠣᠭᠠᠬᠤ ᠮᠡᠳᠡᠭᠳᠡᠯ ᠪᠠᠭᠤᠯᠭᠠᠵᠠᠢ
ᠨᠡᠶᠢᠲᠡᠯᠡᠭᠰᠡᠨ ᠴᠠᠭ᠄
2020/12/22
      ︵ᠰᠤᠷᠪᠤᠯᠵᠢᠯᠠᠭᠴᠢ ᠮᠢᠶᠥᠥ ᠴᠢᠩ︶ ᠮᠠᠨ ᠤ ᠬᠤᠲᠠ 2020 ᠣᠨ ᠤ 7 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠶᠢᠨ ᠬᠤᠭᠤᠷᠣᠨᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠢ ᠵᠠᠰᠠᠯᠲᠠ ᠥᠷᠨᠢᠭᠦᠯᠦᠨ᠂ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠣᠳᠣᠬᠠᠨ ᠪᠣᠯᠲᠠᠯ᠎ᠠ 45 ᠪᠠᠶᠢᠭᠤᠯᠤᠮᠵᠢ ᠳᠤ ᠡᠵᠡᠩᠨᠡᠯᠲᠡ ᠪᠠᠨ ᠵᠣᠭᠰᠣᠭᠠᠬᠤ ᠮᠡᠳᠡᠭᠳᠡᠯ ᠪᠠᠭᠤᠯᠭᠠᠵᠠᠢ᠃      ᠲᠠᠨᠢᠯᠴᠠᠭᠤᠯᠤᠭᠰᠠᠨ ᠢᠶᠠᠷ᠂ ᠣᠳᠣᠬᠠᠨ ᠪᠣᠯᠲᠠᠯ᠎ᠠ ᠪᠦᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠨᠡᠶᠢᠲᠡ 291 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠴᠠᠭᠠᠵᠤ᠂ 107 ᠪᠠᠶᠢᠭᠤᠯᠤᠮᠵᠢ ᠳᠤ ᠥᠭᠡᠷᠡᠴᠢᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠠᠢ᠃ ᠡᠭᠦᠨ ᠤ ᠬᠠᠮᠲᠤ᠂ ᠬᠥᠬᠡᠬᠤᠲᠠ ᠠᠴᠠ ᠭᠡᠷᠡᠴᠢ ᠪᠠᠲᠤᠯᠠᠪᠤᠷᠢ ᠦᠭᠡᠢ᠂ ᠭᠡᠷᠡᠴᠢ ᠪᠠᠲᠤᠯᠠᠪᠤᠷᠢ ᠪᠦᠷᠢᠨ ᠦᠭᠡᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠰᠠᠬᠤ ᠡᠷᠴᠢᠮ ᠢᠶᠠᠨ ᠴᠢᠩᠭᠠᠷᠠᠭᠤᠯᠪᠠ᠃ ᠡᠨᠡ ᠬᠤᠭᠤᠴᠠᠭᠠᠨ ᠳᠤ᠂ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠵᠦ᠂ ᠪᠦᠬᠦ ᠬᠤᠲᠠ ᠠᠴᠠ 14 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠠᠰᠢᠷᠠᠮ ᠢᠶᠠᠷ ᠰᠤᠭᠤᠴᠢᠨ ᠵᠢᠯᠣᠭᠤᠳᠤᠯᠭ᠎ᠠ ᠪᠠᠶᠢᠴᠠᠭᠠᠯᠲᠠ ᠬᠢᠵᠡᠢ᠃      ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠢᠯᠡᠷᠬᠡᠶᠢᠯᠡᠬᠦ ᠳᠡᠭᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠵᠤ ︽ᠡᠷᠭᠢᠵᠦ ᠬᠠᠷᠠᠵᠤ︾ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠢ ᠵᠠᠰᠠᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠲᠤᠳᠬᠠᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠤᠨ᠎ᠠ᠃ ᠬᠤᠲᠠ ᠶᠢᠨ ᠠᠷᠠᠳ ᠬᠡᠷᠪᠡ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮ ᠦᠭᠡᠢ ᠡᠵᠡᠩᠨᠡᠯᠲᠡ ᠶᠢᠨ ᠠᠵᠢᠯᠯᠠᠭ᠎ᠠ ᠶᠢ ᠣᠯᠵᠤ ᠮᠡᠳᠡᠪᠡᠯ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠠᠷᠠᠳ ᠠᠴᠠ ᠡᠵᠡᠩᠨᠡᠭᠰᠡᠨ ᠰᠤᠷᠭᠠᠨ ᠬᠥᠮᠥᠵᠢᠯ ᠤᠨ ᠲᠥᠪ ᠲᠤ ᠢᠯᠡᠴᠢᠯᠡᠵᠦ ᠪᠣᠯᠣᠨ᠎ᠠ ᠭᠡᠵᠡᠢ᠃ ᠢᠯᠡᠴᠢᠯᠡᠬᠦ ᠤᠲᠠᠰᠤ᠄ 4606936᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ