ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ ᠲᠣᠭᠲᠠᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/12/23
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 12 ᠰᠠᠷ᠎ᠠ ᠶᠢᠨ 21 ᠤ ᠡᠳᠦᠷ ᠤᠨ ᠮᠡᠳᠡᠭᠡ ︵ᠰᠤᠷᠪᠤᠯᠵᠢᠯᠠᠭᠴᠢ ᠦ᠋ ᠱᠠᠨ︶ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ ᠲᠣᠭᠲᠠᠭᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠦᠨᠵᠡᠭᠡᠶ ᠠᠬᠢᠭᠤᠯᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠨᠠᠩ ᠰᠠᠶᠢᠲᠤᠷ ᠬᠠᠮᠠᠭᠠᠯᠠᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠲᠤᠬᠠᠶ ᠪᠠᠶᠢᠷᠢᠯᠠᠭᠤᠯᠪᠠ᠃      ︽ᠠᠷᠭ᠎ᠠ︾ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠠᠤᠯᠢ ᠲᠣᠭᠲᠠᠭᠠᠯ ᠢ ᠵᠢᠷᠤᠮᠯᠠᠬᠤ᠂ ᠠᠷᠠᠳ ᠲᠤ ᠲᠥᠬᠦᠮ ᠦᠵᠡᠭᠦᠯᠦᠨ ᠪᠤᠳᠠᠳᠠᠢ ᠬᠡᠷᠡᠭᠯᠡᠬᠦ᠂ ᠯᠠᠪᠳᠠᠭᠤᠨ ᠢᠶᠠᠷ ᠠᠬᠢᠭᠤᠯᠬᠤ ᠵᠠᠷᠴᠢᠮ ᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠶ ᠬᠠᠩᠭᠠᠬᠤ᠂ ᠢᠯᠴᠢ ᠬᠠᠩᠭᠠᠬᠤ᠂ ᠣᠷᠴᠢᠨ ᠲᠤᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠵᠤ᠂ ᠬᠤᠯᠪᠣᠭᠳᠠᠯ ᠪᠥᠬᠦᠶ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠤᠨ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠶ ᠬᠡᠵᠦ ᠵᠢᠭᠠᠵᠤ ᠭᠠᠷᠭᠠᠪᠠ᠃      ︽ᠠᠷᠭ᠎ᠠ︾ ᠳᠤ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠲᠠᠢ᠂ ᠣᠯᠠᠨ ᠨᠡᠶᠢᠲᠡ ᠶᠢᠨ ᠰᠢᠨᠵᠢ ᠴᠢᠨᠠᠷ ᠢᠶᠠᠷ ᠨᠡᠯᠢᠶᠡᠳ ᠴᠢᠩᠭ᠎ᠠ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠦᠢᠯᠡᠴᠢᠯᠡᠬᠦ ᠡᠲᠡᠭᠡᠳ ᠤᠨ ᠬᠤᠭᠤᠷᠣᠨᠳᠣᠬᠢ ᠮᠡᠳᠡᠭᠡ ᠵᠠᠩᠭᠢ ᠵᠤᠬᠢᠴᠠᠯᠳᠤᠬᠤ ᠥᠬᠡᠶ ᠠᠰᠠᠭᠤᠳᠠᠯ ᠲᠣᠪᠤᠶᠢᠮ᠎ᠠ ᠤᠷᠤᠰᠢᠵᠤ ᠪᠠᠶᠢᠬᠤ ᠪᠠ ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠬᠤ ᠴᠢᠬᠤᠯᠠᠲᠠᠶ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠭᠤᠤᠯᠳᠠᠯᠭ᠎ᠠ ᠲᠠᠢ ᠳᠥᠯᠭᠢᠨ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠵᠠᠢ᠃      ︽ᠠᠷᠭ᠎ᠠ︾ ᠳᠤ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠮᠠᠶ᠋ᠢᠭ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠷ ᠭᠤᠤᠯ ᠪᠣᠯᠭᠠᠵᠤ᠂ ᠵᠠᠷᠴᠢᠮ ᠳᠡᠭᠡᠷ᠎ᠡ ᠪᠠᠨ ᠭᠤᠶᠤᠴᠢᠯᠠᠯ ᠶᠣᠰᠣᠭᠠᠷ ᠢᠯᠡ ᠪᠣᠯᠭᠠᠬᠤ ᠠᠷᠭ᠎ᠠ ᠮᠠᠶ᠋ᠢᠭ ᠢ ᠠᠪᠬᠤ ᠥᠬᠡᠶ᠃ ᠬᠤᠯᠪᠣᠭᠳᠠᠯ ᠪᠥᠬᠦᠶ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠮᠡᠳᠡᠭᠡ ᠵᠠᠩᠭᠢ ᠶᠢ ᠢᠯᠡ ᠪᠣᠯᠭᠠᠬᠤ ᠠᠰᠠᠭᠤᠨ ᠯᠠᠪᠯᠠᠬᠤ ᠴᠤᠩᠬᠤᠪᠴᠢ ᠭᠠᠷᠭᠠᠵᠤ᠂ ᠨᠡᠪᠲᠡᠷᠡᠯᠴᠡᠭᠡ ᠵᠥᠪᠳᠡᠯᠴᠡᠭᠡ ᠪᠠᠨ ᠴᠢᠩᠭᠠᠳᠬᠠᠨ᠂ ᠠᠩᠬᠠᠷᠴᠤ ᠪᠥᠬᠦᠶ ᠶᠠᠪᠤᠳᠠᠯ ᠳᠤ ᠴᠠᠭ ᠬᠢᠵᠠᠭᠠᠷᠯᠠᠨ ᠬᠠᠷᠢᠭᠤ ᠥᠭᠴᠦ᠂ ᠠᠰᠠᠭᠤᠨ ᠯᠠᠪᠯᠠᠬᠤ  ᠦᠢᠯᠡᠴᠢᠯᠡᠭᠡ ᠶᠢ ᠰᠢᠯᠢᠳᠡᠭᠵᠢᠭᠦᠯᠦᠨ᠂ ᠦᠢᠯᠡᠴᠢᠯᠡᠬᠦ ᠡᠲᠡᠭᠡᠳ ᠵᠢᠴᠢ ᠨᠡᠶᠢᠭᠡᠮ ᠨᠡᠶᠢᠲᠡ ᠶᠢᠨ ᠥᠪᠡᠷᠮᠢᠴᠡ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠮᠡᠳᠡᠭᠡ ᠵᠠᠩᠭᠢ ᠶᠢ ᠢᠯᠡ ᠪᠣᠯᠭᠠᠬᠤ ᠠᠰᠠᠭᠤᠨ ᠯᠠᠪᠯᠠᠬᠤ ᠴᠤᠩᠬᠤᠪᠴᠢ ᠶᠢ ᠲᠣᠬᠢᠷᠠᠭᠤᠯᠬᠤ ᠳᠠᠭᠠᠨ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠬᠡᠷᠡᠭᠯᠡᠭᠴᠢ ᠳᠤ ᠦᠢᠯᠡᠴᠢᠯᠡᠬᠦ ᠬᠠᠯᠠᠮᠰᠢᠯ ᠤᠲᠠᠰᠤ᠂ ᠰᠢᠯᠵᠢᠮᠡᠯ ᠬᠡᠷᠡᠭᠯᠡᠭᠴᠢ ᠶᠢᠨ ᠦᠵᠦᠭᠦᠷ ᠵᠡᠷᠭᠡ ᠯᠦᠭᠡ ᠠᠭᠤᠰᠤᠯᠴᠠᠭᠤᠯᠬᠤ ᠶᠢ ᠴᠢᠬᠤᠯᠠᠴᠢᠯᠠᠵᠤ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠳᠠᠷᠤᠭᠠᠰᠤ ᠶᠢ ᠵᠣᠬᠢᠰ ᠥᠬᠡᠶ ᠪᠠᠷ ᠨᠡᠮᠡᠭᠳᠡᠭᠦᠯᠬᠦ ᠠᠴᠠ ᠵᠠᠶᠢᠯᠠᠰᠬᠢᠬᠦ ᠬᠡᠷᠡᠭᠲᠡᠶ ᠬᠡᠵᠦ ᠲᠤᠳᠤᠷᠬᠠᠶᠢᠯᠠᠬᠰᠠᠨ ᠪᠠᠶᠢᠨ᠎ᠠ  ᠃http://mongol.people.com.cn/15833530.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号