ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ︽ | ᠥᠩᠭᠡᠷᠡᠭᠰᠡᠨ ᠳᠤ ᠮᠠᠨ ᠤ ᠬᠢᠨ ᠨᠡᠭᠦᠷᠡᠰᠦ ᠰᠢᠲᠠᠭᠠᠬᠤ ᠪᠤᠶᠤ ᠴᠠᠬᠢᠯᠭᠠᠨ ᠢᠶᠠᠷ ᠬᠤᠭᠤᠯᠠ ᠬᠢᠳᠡᠭ ᠪᠠᠶᠢᠪᠠ᠂ 9 | ᠰᠠᠷ᠎ᠠ ᠠᠴᠠ ᠡᠬᠢᠯᠡᠨ ᠮᠠᠨ ᠤ ᠲᠣᠰᠬᠤᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠪᠠ᠃ ᠪᠢ | ᠨᠡᠭᠦᠷᠡᠰᠦᠨ ᠬᠡᠶ ᠶᠢᠨ ᠵᠦ᠋ᠤᠬᠠ ᠬᠤᠳᠠᠯᠳᠤᠨ ᠠᠪᠴᠤ᠂ ᠰᠢᠩᠭᠡᠨᠵᠢᠮᠡᠯ ᠬᠡᠶ ᠪᠠᠷ ᠬᠤᠭᠤᠯᠠ ᠬᠢᠵᠦ᠂ ᠲᠦᠭᠦᠮ ᠲᠦᠲᠡ | ᠪᠦᠭᠡᠳ ᠵᠣᠭᠤᠰ ᠠᠷᠪᠢᠯᠠᠬᠤ ᠪᠣᠯᠪᠠ᠃ ᠰᠢᠩᠭᠡᠨᠵᠢᠮᠡᠯ ᠬᠡᠢ ᠶᠢ ᠬᠡᠷᠡᠭᠯᠡᠬᠦ ᠳᠤ ᠥᠪᠡᠷ ᠢᠶᠠᠨ ᠬᠡᠢ ᠶᠢᠨ ᠰᠠᠪᠠ | ᠬᠤᠳᠠᠯᠳᠤᠵᠤ ᠠᠪᠬᠤ ᠴᠢᠬᠤᠯᠠ ᠦᠭᠡᠢ᠂ ᠵᠥᠪᠬᠡᠨ 96177 ᠳᠤ ᠤᠲᠠᠰᠤᠳᠠᠪᠠᠯ᠂ ᠠᠵᠢᠯᠳᠠᠨ ᠬᠡᠢ ᠶᠢᠨ | ᠯᠣᠩᠬᠤ ᠶᠢ ᠭᠡᠷ ᠲᠤ ᠬᠦᠷᠭᠡᠭᠡᠳ ᠢᠷᠡᠴᠢᠭᠡᠨᠠ︾᠃ 12 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠢᠦᠢ | ᠴᠢᠦᠸᠠᠨ ᠲᠣᠭᠤᠷᠢᠭ ᠤᠨ ᠰᠢᠶᠤᠤ ᠾᠸᠢ ᠾᠧ ᠪᠠᠯᠭᠠᠰᠤᠨ ᠤ ᠾᠧᠦ ᠪᠧᠨ ᠲᠠᠨ ᠲᠣᠰᠬᠤᠨ ᠳᠤ ᠰᠤᠷᠪᠤᠯᠵᠢᠯᠠᠭ᠎ᠠ | ᠬᠢᠬᠦ ᠳᠤ ᠲᠣᠰᠬᠤᠨ ᠤ ᠠᠷᠠᠳ ᠯᠢ ᠶᠦᠩ ᠴᠢᠶᠠᠩ ᠢᠡᠭᠬᠢᠵᠦ ᠪᠠᠶᠠᠷ ᠲᠠᠢ ᠬᠡᠯᠡᠪᠡ᠃ | ᠯᠢ ᠶᠦᠩ ᠴᠢᠶᠠᠩ ᠲᠠᠢ ᠠᠳᠠᠯᠢ ᠪᠠᠷ᠂ ᠡᠨᠡ ᠵᠢᠯ ᠤᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ | ᠵᠠᠰᠠᠬᠤ ᠣᠷᠣᠨ ᠳᠤ᠂ ᠤᠯᠠᠮ ᠠᠴᠠ ᠣᠯᠠᠨ ᠲᠣᠰᠬᠤᠨ ᠤ ᠠᠷᠠᠳ ᠨᠡᠭᠦᠷᠡᠰᠦ ᠲᠦᠯᠡᠰᠢ ᠠᠴᠠ ᠰᠠᠯᠵᠤ ᠴᠡᠪᠡᠷ | ᠡᠨᠧᠷᠭᠢ ᠬᠡᠷᠡᠭᠯᠡᠭᠰᠡᠨ ᠪᠠᠶᠢᠨ᠎ᠠ᠃ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠣᠷᠣᠨ ᠪᠦᠰᠡ ᠶᠢᠨ | ᠲᠥᠪᠯᠡᠷᠡᠭᠦᠯᠦᠨ ᠢᠯᠴᠢ ᠬᠠᠩᠭᠠᠬᠤ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︾ ᠰᠠᠭᠤᠭᠠᠯᠢ | ᠠᠷᠠᠳ ᠤᠨ ᠡᠳᠦᠷ ᠲᠤᠲᠤᠮ ᠤᠨ ᠠᠮᠢᠳᠤᠷᠠᠯ ᠨᠥᠯᠥᠭᠡᠯᠡᠭᠳᠡᠬᠦ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠲᠣᠭᠤᠷᠢᠭ ᠤᠨ ᠬᠠᠷᠢᠶ᠎ᠠ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠲᠢᠶᠠᠨ ᠫᠢᠩ | ᠶᠢᠩ ᠲᠣᠰᠬᠤᠨ᠂ ᠯᠦᠸᠧ ᠵᠢᠶᠠ ᠶᠢᠩ ᠲᠣᠰᠬᠤᠨ᠂ ᠰᠢ ᠡᠯ ᠳ᠋ᠤᠤ ᠾᠧ ᠲᠣᠰᠬᠤᠨ᠂ ᠾᠧᠦ ᠪᠧᠨ ᠲᠠᠨ | ᠲᠣᠰᠬᠤᠨ ᠵᠡᠷᠭᠡ 10 ᠲᠣᠰᠬᠤᠨ ᠳᠤ ᠠᠷᠠᠳ ᠲᠤ ᠲᠥᠬᠦᠮ ᠦᠵᠡᠭᠦᠯᠬᠦ ᠰᠢᠩᠭᠡᠨᠵᠢᠮᠡᠯ ᠬᠡᠶ ᠲᠣᠬᠢᠷᠠᠭᠤᠯᠤᠨ | ᠬᠦᠷᠭᠡᠬᠦ ᠥᠷᠲᠡᠭᠡ ᠪᠠᠶᠢᠭᠤᠯᠵᠤ᠂ ᠲᠣᠰᠬᠤᠨ ᠤ ᠠᠷᠠᠳ ᠲᠤ ᠬᠡᠶ ᠬᠦᠷᠭᠡᠬᠦ᠂ ᠤᠭᠰᠠᠷᠠᠬᠤ ᠵᠡᠷᠭᠡ ᠦᠢᠯᠡᠴᠢᠯᠡᠭᠡ ᠶᠢ | ᠬᠠᠩᠭᠠᠵᠤ᠂ ᠣᠳᠣᠬᠠᠨ ᠳᠤ 1820 ᠡᠷᠦᠬᠡ ᠲᠣᠰᠬᠤᠨ ᠤ ᠠᠷᠠᠳ ᠨᠢᠭᠡᠨᠲᠡ ᠪᠤᠳᠤᠩ ᠲᠠᠢ ᠰᠢᠩᠭᠡᠨᠵᠢᠮᠡᠯ ᠬᠡᠶ | ᠬᠡᠷᠡᠭᠯᠡᠵᠦ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠲᠤᠰᠬᠤᠨ ᠤ ᠠᠷᠠᠳ ᠲᠤ | 2000 ᠭᠠᠷᠤᠢ ᠪᠤᠳᠤᠩ ᠰᠢᠩᠭᠡᠨᠵᠢᠮᠡᠯ ᠬᠡᠢ ᠲᠤᠬᠢᠷᠠᠭᠤᠯᠤᠨ ᠬᠦᠷᠭᠡᠵᠡᠢ᠃ | ᠰᠤᠷᠪᠤᠯᠵᠢᠯᠠᠭᠴᠢ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠲᠢᠶᠠᠨ ᠫᠢᠩ ᠶᠢᠩ ᠲᠣᠰᠬᠤᠨ ᠤ | ᠠᠷᠠᠳ ᠲᠤ ᠲᠥᠬᠦᠮ ᠦᠵᠡᠭᠦᠯᠬᠦ ᠰᠢᠩᠭᠡᠨᠵᠢᠮᠡᠯ ᠬᠡᠶ ᠲᠣᠬᠢᠷᠠᠭᠤᠯᠤᠨ ᠬᠦᠷᠭᠡᠬᠦ ᠥᠷᠲᠡᠭᠡ ᠳᠤ᠂ ᠡ᠊ᠡᠳᠡ | ᠲᠣᠰᠬᠤᠨ ᠤ ᠠᠷᠠᠳ ᠤᠨ ᠰᠢᠩᠭᠡᠵᠢᠮᠡᠯ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ᠂ ᠲᠣᠬᠢᠷᠠᠭᠤᠯᠤᠨ ᠬᠦᠷᠭᠡᠬᠦ | ᠦᠢᠯᠡᠴᠢᠯᠡᠭᠡ ᠶᠢ ᠲᠤᠰᠬᠠᠶ ᠬᠥᠮᠦᠨ ᠬᠠᠷᠢᠭᠤᠴᠠᠵᠤ ᠪᠠᠶᠢᠬᠤ ᠶᠢ ᠣᠯᠵᠤ ᠬᠠᠷᠠᠪᠠ᠃ ︽ᠲᠣᠰᠬᠤᠨ ᠤ ᠠᠷᠠᠳ | ᠬᠡᠷᠡᠭᠴᠡᠭᠡ ᠱᠠᠭᠠᠷᠳᠠᠯᠭ᠎ᠠ ᠲᠠᠢ ᠯᠠ ᠶᠤᠮ ᠪᠣᠯ ᠪᠢᠳᠡ ᠴᠥᠮ ᠲᠡᠷᠡ ᠳᠠᠷᠤᠶ ᠳᠤᠨᠢ ᠲᠣᠰᠬᠤᠨ ᠤ ᠠᠷᠠᠳ ᠲᠤ | ᠦᠢᠯᠡᠴᠢᠯᠡᠵᠦ᠂ ᠲᠡᠳᠡᠨ ᠳᠤ ᠰᠢᠩᠭᠡᠨᠵᠢᠮᠡᠯ ᠬᠡᠶ ᠶᠢ ᠬᠡᠷᠬᠢᠨ ᠠᠮᠤᠷ ᠲᠦᠪᠰᠢᠨ ᠢᠶᠠᠷ ᠬᠡᠷᠡᠭᠯᠡᠬᠦ ᠶᠢ ᠵᠢᠭᠠᠵᠤ ᠥᠭᠭᠦᠨ᠎ᠡ | ︾ ᠭᠡᠵᠦ ᠬᠥᠬᠡᠬᠤᠲᠠ ᠶᠢᠨ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠰᠢᠩᠭᠡᠨᠵᠢᠮᠡᠯ ᠬᠡᠢ ᠶᠢᠨ | ᠬᠤᠪᠢᠶᠠᠷᠢ ᠺᠣᠮᠫᠠᠨᠢ ᠶᠢᠨ ᠳᠠᠭᠠᠭᠠᠮᠠᠯ ᠸᠠᠩ ᠴᠢᠶᠠᠩ ᠲᠠᠨᠢᠯᠴᠠᠭᠤᠯᠪᠠ᠃ | ᠬᠤᠶᠢᠲᠤ ᠪᠠᠭᠠᠲᠠᠯ᠎ᠠ ᠲᠣᠰᠬᠤᠨ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠰᠥ᠋ ᠵᠢᠶᠦ᠋ᠨ ᠶᠢᠩ | ᠰᠤᠷᠪᠤᠯᠵᠢᠯᠠᠭᠴᠢ ᠳᠤ᠂ ᠲᠤᠰ ᠲᠣᠰᠬᠤᠨ ᠤ 69 ᠪᠠᠶᠢᠩᠭᠤ ᠰᠠᠭᠤᠭ᠎ᠠ ᠲᠣᠰᠬᠤᠨ ᠤ ᠠᠷᠠᠳ ᠪᠦᠬᠦᠨ ᠢᠶᠠᠷ ᠢᠶᠠᠨ ︽ | ᠨᠡᠭᠦᠷᠡᠰᠦ ᠶᠢ ᠴᠠᠬᠢᠯᠭᠠᠨ ᠪᠤᠯᠭᠠᠵᠤ ᠥᠭᠡᠷᠡᠴᠢᠯᠡᠨ︾ ᠢᠯᠴᠢ ᠬᠠᠩᠭᠠᠵᠤ᠂ ᠪᠦᠬᠦ ᠲᠣᠰᠬᠤᠨ ᠳᠤ ᠴᠡᠪᠡᠷ | ᠡᠨᠧᠷᠭᠢ ᠪᠠᠷ ᠬᠤᠭᠤᠯᠠ ᠬᠢᠬᠦ ᠶᠢ ᠦᠨᠳᠦᠰᠦᠨ ᠳᠡᠭᠡᠨ ᠪᠦᠷᠬᠦᠬᠦᠯᠵᠦ᠂ ᠲᠣᠰᠬᠤᠨ ᠳᠤ ᠠᠷᠠᠳ ᠲᠤ ᠲᠦᠬᠦᠮ | ᠦᠵᠡᠭᠦᠯᠬᠦ ᠰᠢᠩᠭᠡᠨᠵᠢᠮᠡᠯ ᠭᠡᠢ ᠲᠤᠬᠢᠷᠠᠭᠤᠯᠤᠨ ᠬᠦᠷᠭᠡᠬᠦ ᠦᠷᠳᠡᠭᠡ ᠪᠠᠶᠢᠭᠤᠯᠵᠤ᠂ ᠲᠣᠰᠬᠤᠨ ᠤ ᠠᠷᠠᠳ ᠨᠢᠭᠡ ᠯᠡ | ᠤᠲᠠᠰᠤ ᠪᠠᠷ ᠭᠡᠢ ᠬᠦᠷᠭᠡᠬᠦ ᠦᠢᠯᠡᠴᠢᠯᠡᠭᠡ ᠶᠢ ᠬᠦᠷᠳᠡᠵᠤ ᠪᠤᠯᠳᠠᠬ ᠭᠡᠵᠦ ᠬᠡᠯᠡᠪᠡ᠃ | ᠸᠠᠩ ᠴᠢᠶᠠᠩ ᠤᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠬᠦᠬᠡᠬᠤᠳᠠ ᠶᠢᠨ ᠰᠢᠩᠭᠡᠨᠵᠢᠮᠡᠯ ᠬᠡᠶ | ᠬᠡᠷᠡᠭᠯᠡᠬᠦ ᠡᠷᠦᠬᠡ 6 ᠲᠦᠮᠡ ᠭᠠᠷᠤᠶ ᠪᠠᠶᠢᠨ᠎ᠠ᠂ ᠥᠷᠭᠡᠨ ᠣᠯᠠᠨ ᠬᠡᠷᠡᠭᠯᠡᠭᠴᠢ ᠶᠢᠨ ᠬᠡᠶ ᠬᠡᠷᠡᠭᠯᠡᠬᠦ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ | ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠭᠰᠡᠨ ᠰᠢᠩᠭᠡᠨᠵᠢᠮᠡᠯ ᠬᠡᠶ ᠶᠢᠨ ᠪᠤᠳᠤᠩ ᠢ ᠨᠢᠭᠡᠳᠦᠯᠲᠡᠢ | ᠬᠤᠳᠠᠯᠳᠤᠨ ᠠᠪᠴᠤ᠂ ᠨᠢᠭᠡᠳᠦᠯᠲᠡᠶ ᠭᠡᠶᠢᠯᠡᠵᠦ ᠨᠢᠭᠡᠳᠦᠯᠲᠡᠶ ᠦᠨ᠎ᠡ ᠬᠠᠩᠰᠢ ᠲᠤᠬᠳᠠᠭᠠᠨ ᠨᠢᠭᠡᠳᠦᠯᠲᠡᠶ | ᠲᠣᠬᠢᠷᠠᠭᠤᠯᠤᠨ ᠬᠦᠷᠭᠡᠵᠡᠢ᠃ ᠬᠡᠷᠡᠭᠯᠡᠭᠴᠢ ᠥᠪᠡᠷ ᠢᠶᠠᠨ ᠬᠡᠶ ᠶᠢᠨ ᠪᠤᠳᠤᠩ ᠬᠤᠳᠠᠯᠳᠤᠨ ᠠᠪᠬᠤ ᠴᠢᠬᠤᠯᠠ ᠥᠬᠡᠶ᠂ | 96177 ᠦᠢᠯᠡᠴᠢᠯᠡᠭᠡᠨ ᠤ ᠤᠲᠠᠰᠤ ᠶᠢ ᠵᠠᠯᠭᠠᠪᠠᠯ ᠳᠠᠷᠤᠶ ᠲᠤᠰᠬᠠᠶ ᠬᠥᠮᠦᠨ ᠡᠭᠦᠲᠡᠨ ᠳᠤᠨᠢ ᠬᠦᠷᠴᠦ | ᠦᠢᠯᠡᠴᠢᠯᠡᠬᠦ ᠪᠣᠯᠤᠨ᠎ᠠ᠃ ᠰᠢᠩᠭᠡᠨᠵᠢᠮᠡᠯ ᠬᠡᠢ ᠶᠢᠨ ᠪᠤᠳᠤᠩ ᠪᠦᠷᠢ ᠳᠤ ᠨᠢᠭᠡ ᠨᠣᠮᠧᠷ ᠲᠠᠢ᠂ ᠴᠥᠮ ᠥᠪᠡᠷ ᠤᠨ ︽ | ᠪᠡᠶ᠎ᠡ ᠶᠢᠨ ᠦᠨᠡᠮᠯᠡᠯ ᠤᠨ ᠨᠣᠮᠧᠷ︾ ᠲᠠᠢ ᠪᠠᠶᠢᠳᠠᠬ᠃ ᠬᠡᠷᠡᠭᠯᠡᠭᠴᠢ ᠬᠤᠶᠠᠷ ᠬᠡᠮᠵᠢᠯᠲᠦ ᠺᠤᠳ᠋ ᠢ ᠰᠢᠷᠪᠢᠪᠡᠯ ᠬᠡᠢ ᠶᠢᠨ | ᠪᠤᠳᠤᠩ ᠢ ᠬᠡᠷᠡᠭᠯᠡᠭᠰᠡᠨ ᠪᠠ ᠲᠣᠬᠢᠷᠠᠭᠤᠯᠤᠨ ᠬᠦᠷᠭᠡᠭᠰᠡᠨ ᠪᠠᠶᠢᠳᠠᠯ ᠢ ᠡᠬᠢ ᠡᠭᠦᠰᠦᠯ ᠠᠴᠠ ᠨᠢ ᠮᠥᠷᠳᠡᠵᠦ ᠪᠣᠯᠤᠨ᠎ᠠ᠃ | ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠣᠷᠣᠨ ᠤ ᠰᠢᠨ᠎ᠡ ᠬᠡᠷᠡᠭᠯᠡᠭᠴᠢ ᠳᠤ᠂ | ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠨᠢ ᠰᠢᠨ᠎ᠡ ᠬᠡᠷᠡᠭᠯᠡᠭᠴᠢ ᠶᠢᠨ ᠬᠡᠶ | ᠬᠡᠷᠡᠭᠯᠡᠬᠦ ᠠᠴᠠ ᠡᠮᠦᠨᠡᠬᠢ ᠪᠣᠯᠪᠠᠰᠤᠷᠠᠭᠤᠯᠤᠯ ᠪᠠ ᠤᠬᠠᠭᠤᠯᠭ᠎ᠠ ᠶᠢ ᠴᠢᠩᠭᠠᠳᠬᠠᠵᠤ᠂ ᠣᠯᠠᠨ ᠢ ᠠᠮᠤᠷ ᠲᠦᠪᠰᠢᠨ | ᠪᠥᠭᠡᠳ ᠲᠥᠬᠦᠮ ᠠᠪᠰᠠᠷᠬᠠᠨ ᠢᠶᠠᠷ ᠬᠡᠶ ᠬᠡᠷᠡᠭᠯᠡᠬᠦ ᠪᠣᠯᠭᠠᠪᠠ᠃ | | | http://mongol.people.com.cn/15833527.html |